︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾᠎ ᠤᠨ ᠨᠢᠭᠡᠳᠦᠭᠡᠷ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠵᠠᠢ
ᠨᠡᠶᠢᠲᠡᠯᠡᠭᠰᠡᠨ ᠴᠠᠭ᠄
2024/3/12

        ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11᠎ ᠤ ᠴᠠᠬᠢᠯᠭᠠᠨ ᠮᠡᠳᠡᠭᠡ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾

᠎ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠣᠶᠢᠷ᠎ᠠ ᠶᠢᠨ ᠡᠳᠦᠷ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ

ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃

        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾᠎ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠳᠤ ᠶᠡᠷᠦᠩᠬᠡᠢ ᠱᠦᠵᠢ ᠰᠢ ᠶᠢᠨ

ᠫᠢᠩ ᠤᠨ 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠳᠠᠬᠢ ᠴᠢᠬᠤᠯᠠ ᠵᠣᠬᠢᠶᠠᠯ ᠪᠦᠲᠦᠭᠡᠯ ᠢ ᠣᠷᠣᠭᠤᠯᠵᠤ᠂

ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ

ᠬᠤᠷᠠᠯ ᠳᠡᠭᠡᠷ᠎ᠡ ᠬᠢᠭᠰᠡᠨ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠡᠶᠢᠭᠡᠮ ᠵᠢᠷᠤᠮᠲᠤ

ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︾ ᠭᠡᠬᠦ ᠢᠯᠡᠳᠬᠡᠯ ᠢᠶᠠᠷ ᠡᠭᠢᠯᠡᠯᠲᠡ ᠪᠤᠯᠭᠠᠵᠤ᠂

ᠪᠤᠰᠤᠳ ᠵᠣᠬᠢᠶᠠᠯ ᠪᠦᠲᠦᠭᠡᠯ ᠤᠳ ᠢ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠪᠠ᠃

        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠎ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ

ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠭᠦᠳᠦᠨ ᠨᠡᠭᠡᠭᠡᠬᠦ ᠶᠢᠨ ᠵᠡᠷᠭᠡ ᠪᠠᠷ

ᠲᠠᠰᠤᠷᠠᠯᠳᠡ ᠦᠭᠡᠢ ᠰᠢᠨ᠎ᠡ ᠢᠯᠠᠯᠲᠠ ᠶᠢ ᠲᠡᠮᠡᠴᠡᠨ ᠣᠯᠵᠤ ᠪᠠᠶᠢᠭ᠎ᠠ ᠠᠭᠤᠤ ᠶᠡᠭᠡ ᠲᠡᠦᠬᠡᠨ ᠶᠠᠪᠤᠴᠠ ᠶᠢ ᠠᠮᠢᠳᠤᠯᠢᠭ ᠢᠶᠠᠷ ᠲᠡᠮᠳᠡᠭᠯᠡᠵᠦ᠂ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠡᠪ ᠬᠠᠮᠲᠤᠴᠤᠳ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠤᠭᠠᠳ ᠣᠯᠣᠭᠰᠠᠨ ᠴᠢᠬᠤᠯᠠ

ᠶᠡᠭᠡ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠲᠤᠰᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ

ᠮᠠᠨᠳᠤᠯᠲᠠ ᠶᠢ ᠬᠥᠲᠥᠯᠥᠨ ᠳᠠᠭᠠᠭᠤᠯᠬᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠵᠦ᠂ ᠳᠤᠮᠳᠠᠳᠤ

ᠤᠯᠤᠰ ᠤᠨ ᠡᠪ ᠬᠠᠮᠲᠤ ᠨᠠᠮ ᠤᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ

ᠤᠶᠤᠨ ᠤᠬᠠᠭᠠᠨ ᠪᠣᠯᠣᠨ ᠳᠤᠮᠳᠠᠳᠤ ᠤᠯᠤᠰ ᠤᠨ ᠬᠠᠷᠢᠭᠤᠴᠠᠯᠭ᠎ᠠ ᠶᠢ ᠪᠣᠰᠤᠭ᠎ᠠ ᠴᠣᠭᠴᠠ ᠪᠠᠷ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ

ᠪᠦᠲᠦᠭᠡᠯ ᠪᠣᠯᠣᠨ᠎ᠠ᠃

        ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠎ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ

ᠭᠠᠳᠠᠭᠠᠳᠤ ᠳᠤ ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠣᠶᠢᠯᠠᠭᠠᠬᠤ ᠳᠤ ᠲᠤᠰᠠᠲᠠᠢ ᠪᠠᠶᠢᠵᠤ᠂ ᠳᠡᠯᠡᠬᠡᠢ ᠨᠡᠶᠢᠭᠡᠮ ᠤᠨ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠪᠠ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠲᠤᠬᠠᠢ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠬᠦ ᠳᠤ

ᠴᠢᠬᠤᠯᠠ ᠠᠴᠢ ᠬᠤᠯᠪᠣᠭᠳᠠᠯ ᠲᠠᠢ ᠶᠤᠮ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ