ᠡᠷᠬᠢᠨ ᠱᠧᠨ ᠱᠦᠢ ᠬᠠᠢ ᠨᠠ ᠤᠰᠤᠨ ᠤ ᠶᠠᠪᠤᠳᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠬᠠᠢ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/3/13

       

       3 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠱᠧᠨ

ᠱᠦᠢ ᠬᠠᠢ ᠨᠠ ᠤᠰᠤᠨ ᠤ ᠶᠠᠪᠤᠳᠠᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠬᠠᠢ ᠪᠥᠸᠧ

ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ

ᠬᠦᠷᠢᠶ᠎ᠡ ᠶᠢᠨ ᠲᠣᠭᠤᠷᠢᠨ ᠳᠤ ᠭᠦᠨ ᠳᠠᠪᠬᠤᠷᠭ᠎ᠠ ᠶᠢᠨ ᠵᠥᠪᠳᠡᠯᠴᠡᠭᠡ ᠰᠣᠯᠢᠯᠴᠠᠭ᠎ᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠰᠡᠴᠡᠩᠭᠤᠸ᠎ᠠ ᠣᠷᠣᠯᠴᠠᠪᠠ᠃

        ᠬᠤᠷᠠᠯ ᠳᠡᠭᠡᠷ᠎ᠡ᠂ ᠱᠧᠨ ᠱᠦᠢ ᠬᠠᠢ ᠨᠠ ᠤᠰᠤᠨ ᠤ ᠶᠠᠪᠤᠳᠠᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ

ᠬᠥᠮᠥᠰ ᠲᠤᠰ ᠲᠤᠰ ᠪᠦᠯᠦᠭᠯᠡᠯ ᠤᠨ ᠲᠣᠶᠢᠮᠣ ᠪᠠᠶᠢᠳᠠᠯ᠂ ᠬᠠᠮᠲᠤᠷᠠᠯᠴᠠᠭᠠᠨ ᠤ ᠲᠦᠷᠦᠯ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠨ ᠲᠤᠭ᠎ᠠ᠂ 

ᠮᠡᠷᠭᠡᠵᠢᠯ ᠤᠨ ᠶᠠᠪᠤᠴᠠ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠪᠠ᠃

        ᠡᠷᠬᠢᠨ ᠡᠩ ᠲᠡᠷᠢᠭᠦᠨ ᠳᠤ ᠱᠧᠨ ᠱᠦᠢ ᠬᠠᠢ ᠨᠠ ᠤᠰᠤᠨ ᠤ ᠶᠠᠪᠤᠳᠠᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ

ᠮᠡᠳᠡᠭᠴᠢᠳ ᠤᠨ ᠳᠠᠷᠤᠭ᠎ᠠ ᠯᠢ ᠬᠠᠢ ᠪᠥᠸᠧ ᠨᠠᠷ ᠤᠨ ᠰᠢᠨᠵᠢᠯᠡᠨ ᠪᠠᠶᠢᠴᠠᠭᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃  ᠡᠷᠬᠢᠨ᠂ ᠱᠧᠨ ᠱᠦᠢ ᠬᠠᠢ

ᠨᠠ ᠪᠦᠯᠦᠭᠯᠡᠯ ᠳᠤᠮᠳᠠᠳᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠣᠶᠤᠨᠴᠢ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠳᠠᠯᠳᠤᠭᠠᠴᠢᠨ

ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠣᠷᠣᠯᠴᠠᠭᠴᠢ ᠪᠣᠯᠤᠭᠰᠠᠨ ᠤ ᠬᠤᠪᠢ ᠳᠤ᠂ ᠢᠮᠠᠭᠲᠠ ᠠᠵᠤ ᠦᠢᠯᠡᠳᠪᠦᠷᠢ ᠶᠢᠨ ᠪᠣᠬᠢᠷ

ᠤᠰᠤ ᠶᠢ ᠰᠢᠢᠳᠪᠦᠷᠢᠯᠡᠬᠦ᠂ ᠴᠢᠨᠠᠷ ᠰᠠᠶᠢᠲᠠᠢ ᠤᠰᠤ ᠬᠠᠩᠭᠠᠬᠤ᠂ ᠣᠶᠤᠨᠲᠤ ᠤᠰᠤᠨ ᠤ ᠶᠠᠪᠤᠳᠠᠯ᠂ ᠰᠢᠨ᠎ᠡ ᠡᠨᠧᠷᠭᠢ ᠵᠡᠷᠭᠡ ᠬᠦᠷᠢᠶᠡᠨ ᠳᠤ ᠠᠩᠬᠠᠷᠤᠯ ᠢᠶᠠᠨ

ᠲᠥᠪᠯᠡᠷᠡᠭᠦᠯᠦᠭᠰᠡᠭᠡᠷ ᠢᠷᠡᠵᠠᠢ᠃ ᠠᠵᠤ ᠠᠬᠤᠶᠢᠯᠠᠯ ᠤᠳ ᠲᠣᠰ ᠪᠡᠶ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠡᠵᠡᠩᠨᠡᠯᠲᠡ ᠶᠢᠨ ᠦᠢᠯᠡᠴᠢᠯᠡᠭᠡᠨ ᠤ

ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠮᠡᠷᠭᠡᠵᠢᠯ ᠤᠨ ᠳᠠᠪᠠᠭᠤᠯᠢᠭ ᠪᠠ ᠲᠥᠷᠥᠯ

ᠵᠦᠢᠯ ᠤᠨ ᠲᠤᠷᠰᠢᠯᠭ᠎ᠠ ᠶᠢ ᠭᠦᠢᠴᠡᠳ ᠠᠰᠢᠭᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠰᠥᠯ ᠢ ᠵᠢᠷᠤᠵᠤ ᠲᠥᠯᠥᠪᠯᠡᠬᠦ᠂ ᠰᠤᠳᠤᠯᠵᠤ ᠪᠣᠯᠬᠤ ᠵᠡᠷᠭᠡ

ᠡᠯ᠎ᠡ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠪᠣᠬᠢᠷ ᠤᠰᠤ ᠶᠢ ᠰᠢᠢᠳᠪᠦᠷᠢᠯᠡᠬᠦ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ

ᠮᠥᠴᠢᠷ ᠤᠳ ᠢᠳᠡᠪᠬᠢᠲᠡᠢ ᠬᠠᠮᠵᠢᠯᠴᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃

       ᠯᠢ ᠬᠠᠢ ᠪᠥᠸᠧ ᠢᠯᠡᠷᠬᠡᠶᠢᠯᠡᠬᠦ ᠳᠡᠭᠡᠨ᠂ ᠱᠧᠨ ᠱᠦᠢ ᠬᠠᠢ ᠨᠠ ᠪᠦᠯᠦᠭᠯᠡᠯ ᠨᠢ ᠤᠷᠠᠳ ᠤᠨ ᠬᠤᠶᠢᠲᠤ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ

ᠮᠥᠴᠢᠷ ᠲᠠᠢ ᠵᠣᠯᠭᠠᠭᠤᠯᠬᠤ ᠪᠠᠨ ᠴᠢᠩᠭᠠᠳᠬᠠᠵᠤ᠂ ᠪᠦᠯᠦᠭᠯᠡᠯ ᠤᠨ ᠠᠵᠢᠯ ᠲᠥᠷᠥᠯ ᠤᠨ ᠳᠣᠲᠣᠷᠠᠬᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠵᠢᠯ ᠤᠨ

ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠵᠤ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠭᠡᠵᠡᠢ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ