ᠤᠷᠠᠳ ᠤᠨ ᠬᠤᠶᠢᠲᠤ ᠬᠤᠰᠢᠭᠤᠨ ᠤ ᠮᠠᠯᠴᠢᠨ ᠲᠠᠷᠢᠶᠠᠴᠢᠨ ᠬᠠᠪᠤᠷ ᠤᠨ ᠲᠦᠯ ᠲᠤᠰᠤᠭᠠᠳ ᠶᠠᠭᠠᠷᠠᠯᠳᠠᠢ ᠪᠠᠶᠢᠨ᠎ᠠ
ᠨᠡᠶᠢᠲᠡᠯᠡᠭᠰᠡᠨ ᠴᠠᠭ᠄
2024/3/13

       ᠲᠦᠯ ᠮᠠᠯ ᠮᠠᠶᠢᠯᠯᠠᠳᠤᠨ ᠬᠦᠳᠡᠭᠡ ᠨᠤᠳᠤᠭ ᠤᠨ ᠮᠠᠯᠴᠢᠳ ᠬᠠᠪᠤᠷ ᠤᠨ ᠲᠦᠯ  ᠲᠤᠰᠴᠤ ᠶᠠᠭᠠᠷᠠᠯᠳᠤᠨ᠎ᠠ ᠃

       ᠣᠶᠢᠷ᠎ᠠ ᠶᠢᠨ ᠡᠳᠦᠷ᠂ ᠰᠤᠷᠪᠤᠯᠵᠢᠯᠠᠭᠴᠢ ᠤᠷᠠᠳ ᠤᠨ ᠬᠤᠶᠢᠳᠤ  ᠬᠤᠰᠢᠭᠤᠨ ᠤ ᠬᠦᠬᠡᠨ᠋ᠦ᠋ᠡᠳᠦᠷ ᠪᠠᠯᠭᠠᠰᠤᠨ ᠤ  ᠨᠠᠷᠬᠠᠦ᠋ᠪᠤᠷ ᠭᠠᠴᠠᠭᠠᠨ ᠤ ᠮᠠᠯᠴᠢᠨ

ᠲᠡᠮᠦᠷᠪᠠᠭᠠᠨ᠎ᠠ ᠶᠢᠨ ᠬᠢᠨ ᠳᠤ  ᠬᠦᠷᠬᠦ ᠳᠤ᠂ ᠲᠡᠳᠡᠨ ᠤ ᠬᠢᠨ ᠮᠠᠯ ᠤᠨ ᠬᠠᠰᠢᠶᠠᠨ ᠳᠠᠭᠠᠨ ᠶᠠᠭᠠᠷᠠᠵᠦ ᠪᠠᠶᠢᠯ᠎ᠠ᠃ ᠲᠠᠮᠤᠷᠪᠠᠭᠠᠨ᠎ᠠ ᠶᠢᠨ ᠬᠢᠨ ᠨᠡᠶᠢᠳᠡ 500 ᠭᠠᠷᠤᠢ

ᠮᠠᠯ ᠮᠠᠯᠵᠢᠵᠦ ᠂ ᠨᠢᠳᠦᠨᠦᠨ ᠡᠪᠦᠯ ᠨᠢᠬᠡᠨᠳᠡ  ᠨᠠᠶᠠᠭᠠᠳ ᠲᠦᠯ ᠲᠤᠰᠴᠤ ᠤᠨᠳᠤᠷᠠᠯᠳᠠ ᠶᠡᠭᠡ ᠰᠠᠶᠢᠨ ᠪᠠᠶᠢᠵᠦ᠂ ᠬᠠᠪᠤᠷ ᠠᠴᠠ ᠨᠠᠰᠢ ᠲᠠᠪᠢᠭᠠᠳ ᠲᠦᠯ

ᠲᠤᠰᠤᠭᠠᠳ ᠤᠳᠤ ᠪᠠᠰᠨ ᠵᠠᠭᠤᠭᠠᠳ ᠬᠡᠬᠡᠯᠢ ᠲᠠᠢ ᠮᠠᠯ ᠲᠡᠵᠢᠬᠡᠵᠦ ᠪᠠᠶᠢᠨ᠎ᠠ᠃

        ᠮᠠᠯᠴᠢᠨ ᠲᠡᠮᠦᠷᠪᠠᠭᠠᠨ᠎ᠠ ᠶᠢᠨ ᠬᠡᠯᠡᠬᠦ ᠪᠠᠷ᠄ 《 ᠦᠨᠦ ᠵᠢᠯ ᠬᠤᠨᠢ ᠢᠮᠠᠭ᠎ᠠ ᠨᠠᠶᠢᠯᠡᠬᠡᠳ ᠨᠡᠶᠢᠳᠡ 300 ᠭᠠᠷᠤᠢ  ᠲᠦᠯᠯᠡᠬᠦ ᠮᠠᠯ ᠲᠠᠢ᠂ ᠬᠦᠬᠡᠬᠡ ᠰᠠᠷ᠎ᠠ

 ᠠᠴᠠ ᠲᠦᠯᠯᠡᠬᠡᠳ ᠤᠳᠤ ᠵᠠᠭᠤᠭᠠᠳ ᠭᠠᠷᠴᠤ᠂ ᠤᠳᠤ ᠪᠠᠰᠨ ᠵᠠᠭᠤᠭᠠᠳ ᠲᠦᠯᠯᠡᠭᠡ ᠦᠬᠡᠢ ᠦᠯᠡᠳᠡᠵᠦ ᠪᠠᠶᠢᠨ᠎ᠠ᠂ ᠦᠨᠦ ᠵᠢᠯ ᠤᠨ ᠲᠦᠯ ᠰᠠᠶᠢᠨ ᠂ ᠤᠳᠠᠯ

ᠦᠬᠡᠢ ᠰᠡᠷᠬᠡᠶᠢᠯᠠᠯᠳᠠ ᠶᠢᠨ ᠵᠠᠬᠦᠦ ᠪᠠᠨ ᠴᠤᠬᠢᠴᠠᠬᠠᠪᠠᠯ ᠪᠢ ᠴᠤ ᠰᠠᠨᠠᠭ᠎ᠠ ᠠᠮᠠᠷᠠᠴᠢᠬᠠᠨ᠎ᠠ 》ᠬᠡᠵᠦ ᠪᠠᠶᠢᠪᠠ ᠃

        ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠣᠯᠣᠨ ᠡᠪᠡᠰᠦ ᠪᠣᠷᠳᠤᠭ᠎ᠠ ᠭᠦᠢᠴᠡᠳ ᠪᠠᠶᠢᠬᠤ ᠨᠢ ᠲᠡᠮᠦᠷᠪᠠᠭᠠᠨ᠎ᠠ ᠶᠢᠨ ᠡᠨᠡ ᠵᠢᠯ ᠤᠨ ᠲᠥᠯ ᠲᠤᠰᠬᠤ

ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃

ᠬᠠᠪᠤᠷ  ᠤᠨ ᠤᠯᠠᠷᠢᠯ ᠤᠨ ᠬᠦᠨᠳᠦ ᠶᠡᠭᠡ ᠠᠮᠢᠳᠠᠨ  ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠠᠷᠢᠶᠠᠴᠢᠨ

ᠮᠠᠯᠴᠢᠳ ᠤᠨ ᠮᠠᠯ ᠤᠨᠤᠭ᠎ᠠ ᠶᠢᠨ ᠠᠮᠤᠷ ᠲᠦᠪᠰᠢᠨ  ᠢ ᠪᠠᠲᠤᠯᠠᠨ᠂ ᠬᠦᠨᠳᠦ ᠶᠡᠭᠡ ᠡᠳ᠋ ᠬᠥᠷᠥᠩᠭᠡ ᠶᠢᠨ ᠬᠤᠬᠢᠷᠠᠯ ᠭᠠᠷᠬᠤ ᠠᠴᠠ ᠵᠠᠶᠢᠯᠠᠰᠬᠢᠬᠦ ᠶᠢᠨ ᠲᠤᠰᠠᠳᠠ᠂ 3

ᠰᠠᠷ᠎ᠠ ᠶᠢᠨ ᠡᠬᠢᠨ ᠠᠴᠠ ᠡᠬᠢᠯᠡᠨ᠂ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ

ᠮᠠᠯ ᠤᠨ ᠮᠡᠷᠭᠡᠵᠢᠯᠲᠡᠨ ᠢ ᠢᠳᠡᠪᠬᠢᠲᠡᠢ ᠵᠣᠬᠢᠶᠠᠨ ᠪᠠᠶᠢᠭᠤᠯᠵᠤ᠂ ᠲᠥᠯ ᠮᠠᠯ ᠤᠨ ᠤᠠᠲᠤᠷᠤᠯᠲᠡ ᠶᠢᠨ ᠪᠠᠶᠢᠳᠠᠯ ᠪᠠ ᠡᠪᠡᠳᠴᠢᠨ ᠡᠮᠭᠡᠭ ᠤᠨ ᠰᠡᠷᠭᠡᠶᠢᠯᠡᠯᠲᠡ ᠶᠢᠨ

ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠪᠥᠬᠦ ᠬᠤᠰᠢᠭᠤᠨ ᠤ ᠲᠡᠵᠢᠭᠡᠨ ᠦᠷᠡᠵᠢᠭᠦᠯᠬᠦ ᠡᠷᠦᠬᠡ ᠳᠤ ᠬᠢᠵᠢᠭ ᠰᠡᠷᠭᠡᠶᠢᠯᠡᠬᠦ᠂ ᠮᠡᠷᠭᠡᠵᠢᠯ ᠤᠨ ᠵᠢᠯᠣᠭᠤᠳᠤᠯᠭ᠎ᠠ

ᠬᠢᠵᠦ᠂ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ᠃

          ᠤᠷᠠᠳ ᠤᠨ ᠬᠤᠶᠢᠲᠤ ᠬᠤᠰᠢᠭᠤᠨ ᠤ ᠬᠦᠬᠡᠨ᠋ᠦ᠋ᠡᠳᠦᠷ ᠪᠠᠯᠭᠠᠰᠤᠨ ᠤ ᠮᠠᠯ ᠡᠮᠨᠡᠯᠭᠡ ᠶᠢᠨ ᠥᠷᠲᠡᠭᠡᠨ ᠤ ᠳᠠᠷᠤᠭ᠎ᠠ ᠴᠧᠨ ᠰᠢᠶᠣᠣ ᠫᠢᠩ  ᠠᠴᠠ᠄

ᠲᠠᠷᠠᠭᠠᠴᠢ ᠶᠢᠨ ᠠᠯᠬᠤᠮ ᠳᠤ ᠪᠢᠳᠡ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢ

ᠵᠢᠯᠣᠭᠤᠳᠤᠨ ᠬᠠᠰᠢᠶ᠎ᠠ ᠰᠠᠷᠠᠪᠴᠢ ᠪᠠᠨ ᠠᠷᠢᠭᠤᠳᠬᠠᠨ᠎ᠠ᠂ ᠤᠴᠢᠷ ᠨᠢ ᠠᠷᠢᠭᠤᠳᠬᠠᠬᠤ ᠪᠣᠯ ᠬᠠᠯᠳᠠᠪᠤᠷᠢᠲᠤ ᠡᠪᠡᠳᠴᠢᠨ ᠢ ᠲᠠᠰᠤᠯᠬᠤ ᠭᠤᠣᠯ ᠠᠷᠭ᠎ᠠ ᠵᠠᠮ ᠮᠥᠨ᠃

        ᠣᠶᠢᠯᠠᠭᠠᠭᠰᠠᠨ ᠢᠶᠠᠷ᠂ ᠡᠨᠡ ᠵᠢᠯ ᠤᠷᠠᠳ ᠤᠨ ᠬᠤᠶᠢᠲᠤ ᠬᠤᠰᠢᠭᠤ 2024 ᠣᠨ ᠳᠤ 10 ᠲᠦᠮᠡ ᠣᠷᠴᠢᠮ ᠲᠥᠯ ᠲᠤᠰᠴᠤ᠂ 3 ᠰᠠᠷ᠎ᠠ ᠶᠢᠨ

ᠰᠡᠭᠦᠯᠴᠢ ᠪᠠᠷ ᠦᠢᠯᠡᠳᠪᠦᠷᠢᠯᠡᠯ ᠢᠶᠠᠨ ᠲᠠᠭᠤᠰᠬᠠᠬᠤ ᠪᠠᠷ ᠵᠢᠱᠢᠵᠦ  ᠪᠠᠶᠢᠨ᠎ᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ