ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/16

︵2024 ᠣᠨ ᠤ 3 ᠰᠠᠷ᠎ᠠ ᠶᠢᠨ 11᠎ ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶

      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11᠎ ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ

ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ

ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ

ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠢᠯᠡᠳᠬᠡᠯ ᠢ ᠵᠥᠪᠰᠢᠶᠡᠷᠡᠬᠦ ᠪᠠᠷ ᠲᠣᠭᠲᠠᠪᠠ᠃

      ᠬᠤᠷᠠᠯ ᠠᠴᠠ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ

ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ

ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂

︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠂

ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ

ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ

ᠬᠥᠭᠵᠢᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ

ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ

ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ

ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ ᠴᠢᠨᠠᠷ

ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ

ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ

ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ

ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂

ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠵᠤ ᠪᠣᠳᠠᠲᠠᠢ ᠠᠵᠢᠯᠯᠠᠵᠤ᠂ ᠪᠦᠯᠬᠦᠮᠳᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ

ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠨ ᠤᠯᠤᠰ

ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ ᠤᠭᠲᠤᠶ᠎ᠠ ᠭᠡᠵᠦ ᠤᠷᠢᠶᠠᠯᠠᠪᠠ︕

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ