2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/16

︵2024 ᠣᠨ ᠤ 3 ᠰᠠᠷ᠎ᠠ ᠶᠢᠨ 11᠎ ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶

       ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11᠎ ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽2023 ᠣᠨ ᠤ

ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ

ᠲᠥᠰᠥᠯ ᠤᠨ ᠲᠤᠬᠠᠢ ᠮᠡᠳᠡᠭᠦᠯᠦᠯᠲᠡ︾ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠵᠤ᠂ ᠪᠥᠬᠦ

ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠤᠨ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠦᠷ᠎ᠡ

ᠳ᠋ᠦᠩ ᠤᠨ ᠮᠡᠳᠡᠭᠦᠯᠦᠯᠲᠡ ᠶᠢ ᠵᠥᠪᠰᠢᠶᠡᠷᠡᠪᠡ᠃ ᠬᠤᠷᠠᠯ ᠠᠴᠠ ︽2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ

ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾᠎ ᠶᠢ ᠵᠥᠪᠰᠢᠶᠡᠷᠡᠵᠦ᠂ 2024 ᠣᠨ ᠤ

ᠲᠥᠪ ᠤᠨ ᠲᠥᠰᠥᠪ ᠢ ᠵᠥᠪᠰᠢᠶᠡᠷᠡᠬᠦ ᠪᠠᠷ ᠲᠣᠭᠲᠠᠪᠠ᠃

   

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ