ᠸᠠᠩ ᠬᠤ᠋ ᠨᠢᠩ ᠤᠷᠤᠯᠴᠠᠪᠠ 14 ᠭᠡᠰᠢᠭᠦᠨ ᠶᠡᠭᠡ ᠬᠤᠷᠠᠯ ᠲᠡᠭᠡᠷ᠎ᠡ ᠦᠭᠡ ᠬᠡᠯᠡᠵᠡᠢ | | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 7 ᠤ ᠡᠳᠦᠷ ᠤᠨ ᠮᠡᠳᠡᠭᠡ ᠪᠥᠬᠦ ᠤᠯᠤᠰ ᠤᠨ ᠤᠯᠤᠰᠲ᠋ᠥ᠋ᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ 7 ᠤ ᠡᠳᠦᠷ ᠤᠨᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠬᠤᠶᠠᠳᠤᠭᠠᠷ ᠪᠥᠬᠦᠳᠡ ᠬᠤᠷᠠᠯ ᠬᠢᠪᠠ᠃ ᠲᠤᠮᠳᠠᠳᠤ ᠤᠯᠤᠰᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠪᠦᠬᠦᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠳᠤ ᠣᠷᠣᠯᠴᠠᠪᠠ᠃ 14 | ᠭᠡᠰᠢᠭᠦᠨᠶᠡᠭᠡ ᠬᠤᠷᠠᠯ ᠳᠡᠭᠡᠷ᠎ᠡ ᠦᠭᠡ ᠬᠡᠯᠡᠵᠡᠢ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ᠲᠦᠷᠦ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠵᠢᠴᠢ ᠲᠤᠮᠳᠠᠳᠤ ᠤᠯᠤᠰ ᠤᠨ ᠡᠪᠬᠠᠮᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠬᠤᠷᠠᠯ ᠳᠤ ᠣᠷᠣᠯᠴᠠᠵᠤ ᠦᠭᠡ ᠬᠡᠯᠡᠬᠦ ᠶᠢ | ᠰᠣᠨᠣᠰᠴᠠᠢ᠃ | ᠨᠢᠩ ᠵᠢᠢ ᠵᠧ ᠭᠡᠰᠢᠭᠦᠨ ᠦᠭᠡ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢᠰᠡᠷᠭᠦᠨ ᠰᠠᠶᠢᠵᠢᠷᠠᠵᠤ᠂ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠢᠶᠠᠷ ᠠᠬᠢᠪᠠ᠃ ᠬᠤᠷᠸ᠎ᠠ ᠡᠵᠡᠮᠰᠢᠯ ᠲᠣᠬᠢᠷᠠᠭᠤᠯᠭ᠎ᠠ ᠵᠢᠨᠡᠷᠴᠢᠮ ᠢᠶᠠᠨ ᠴᠢᠩᠭᠠᠷᠠᠭᠤᠯᠵᠤ᠂ ᠨᠡᠮᠡᠭᠳᠡᠯ ᠢ ᠲᠤᠬᠳᠠᠭᠤᠨ ᠪᠠᠶᠢᠯᠭᠠᠬᠤ ᠳᠤ | ᠠᠰᠢᠭᠲᠠᠶ ᠲᠥᠷᠥ ᠶᠢᠨ ᠪᠣᠳᠣᠯᠭ᠎ᠠ ᠶᠢ ᠢᠯᠡᠭᠦᠬᠡᠨᠨᠡᠶᠢᠳᠡᠯᠡᠬᠦ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ | ᠳᠠᠭᠠᠭᠤᠯᠬᠤ ᠵᠢᠲ᠋ᠣᠪᠤᠶᠢᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ︔ ᠠᠷᠭ᠎ᠠ ᠪᠦᠬᠦᠨ ᠢᠰᠦ᠋ᠪᠡᠭᠴᠢᠯᠡᠨ | ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠬᠤᠲᠠ ᠬᠥᠳᠡᠭᠡ ᠪᠠ ᠣᠷᠣᠨ ᠪᠦᠰᠡ ᠶᠢᠨ ᠬᠥᠭᠵᠢᠯᠲᠡ ᠵᠢᠨᠣᠷᠣᠨ ᠵᠠᠶ ᠶᠢ ᠥᠷᠭᠡᠳᠬᠡᠬᠦ︔ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢᠨᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ | ᠲᠠᠪᠰᠢᠬᠤ ᠶᠢ ᠰᠠᠨᠠᠭᠤᠯᠵᠤ ᠪᠠᠶᠢᠨ᠎ᠠ ᠬᠡᠪᠡ᠃ | ᠴᠧᠨ ᠴᠢᠶᠦ᠋ᠨ ᠭᠡᠰᠢᠭᠦᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠶᠢ ᠲᠥᠯᠥᠭᠡᠯᠡᠨᠦᠭᠡ ᠬᠡᠯᠡᠬᠦ ᠳᠡᠭᠡᠨ᠂ ᠮᠠᠨ ᠤ | ᠤᠯᠤᠰ ᠰᠠᠭᠤᠷᠢ ᠰᠤᠳᠤᠯᠭᠠᠨ ᠤ ᠬᠦᠷᠢᠶ᠎ᠠ ᠶᠢᠨ ᠬᠢᠨ ᠲᠦᠷᠭᠡᠨ ᠬᠥᠭᠵᠢᠪᠡ᠂ ᠰᠠᠭᠤᠷᠢᠰᠤᠳᠤᠯᠭᠠᠨ ᠤ ᠲᠦᠪᠰᠢᠨ ᠤ ᠳᠡᠭᠡᠭᠰᠢᠯᠡᠯᠲᠡ ᠶᠢ ᠴᠢᠨᠠᠭᠰᠢᠳᠠ | ᠠᠬᠢᠭᠤᠯᠬᠤ ᠳᠤ᠂ ᠰᠠᠭᠤᠷᠢ ᠰᠤᠳᠤᠯᠭᠠᠨ ᠤ ᠵᠢᠮ᠎ᠡ ᠶᠣᠰᠣᠨ ᠳ᠋ᠤ᠋ᠨᠡᠶᠢᠴᠡᠬᠦ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠰᠠᠭᠤᠷᠢ ᠰᠤᠳᠤᠯᠭᠠᠨ ᠳᠤ ︽ᠬᠤᠷᠴᠠ | ᠰᠡᠯᠡᠮ᠎ᠡ ᠶᠢ ᠪᠢᠯᠡᠬᠦᠳᠡᠬᠦ ᠳ᠋ᠤ᠋ᠠᠷᠪᠠᠨ ᠵᠢᠯ ᠬᠡᠷᠡᠭᠰᠡᠬᠦ︾ ᠲᠦᠷᠢᠮ ᠤᠨ ᠣᠷᠴᠢᠨ ᠲᠣᠭᠤᠷᠢᠨ ᠢ ᠪᠤᠢ ᠪᠣᠯᠭᠠᠬᠤ ᠴᠢᠬᠤᠯᠠᠲᠠᠢ᠃ ᠴᠢᠯᠥᠭᠡᠲᠡᠢ ᠪᠠᠷ | ᠰᠦᠪᠡᠭᠴᠢᠯᠡᠬᠦᠬᠡᠯᠪᠡᠷᠢ ᠶᠢᠨ ᠰᠠᠭᠤᠷᠢ ᠰᠤᠳᠤᠯᠭᠠᠨ ᠳᠤ ᠭᠦᠢᠴᠡᠳ ᠣᠷᠣᠨ ᠵᠠᠢ ᠦᠯᠡᠳᠡᠭᠡᠵᠦ ᠦᠭᠭᠦᠨ᠂ ᠰᠢᠨᠵᠢᠯᠡᠬᠦ ᠤᠬᠠᠭᠠᠨ ᠤᠰᠤᠳᠤᠯᠭᠠᠲᠠᠳ ᠤᠨ | ᠦᠨᠡᠨ ᠬᠦ ᠦᠨ᠎ᠡ ᠦᠷᠳᠡᠭ ᠲᠠᠢ ᠰᠢᠨᠵᠢᠯᠡᠬᠦ ᠤᠬᠠᠭᠠᠨ ᠤ ᠠᠰᠠᠭᠤᠳᠠᠯ ᠪᠤᠶᠤ ᠮᠡᠷᠭᠡᠵᠢᠯ ᠤᠨ ᠬᠦᠴᠢᠷᠠᠰᠠᠭᠤᠳᠠᠯ ᠢ ᠡᠷᠢᠨ ᠤᠯᠬᠤ ᠶᠢ ᠵᠤᠷᠢᠬᠵᠢᠭᠤᠯᠤᠨ | ᠲᠡᠮᠵᠢᠵᠦ᠂ ᠰᠢᠨᠵᠢᠯᠡᠬᠦ ᠤᠬᠠᠭᠠᠨᠲᠠᠳ ᠤᠨ ᠰᠢᠨᠵᠢᠯᠡᠬᠦ ᠤᠬᠠᠭᠠᠨ ᠲᠧᠭᠨᠢᠭᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠬᠦ ᠶᠢ | ᠵᠣᠷᠢᠭᠵᠢᠭᠤᠯᠪᠠᠯ _ ᠵᠤᠬᠢᠨ᠎ᠡ ᠭᠡᠪᠡ᠃ | ᠢ ᠭᠠᠩ ᠭᠡᠰᠢᠭᠦᠨ ᠦᠭᠡ ᠬᠡᠯᠡᠬᠦ ᠳᠡᠭᠡᠨ᠂ ᠮᠥᠩᠭᠦᠨ ᠬᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠵᠢᠠᠬᠢᠭᠤᠯᠬᠤ ᠳᠤ᠂ ᠮᠥᠩᠭᠦᠨ | ᠬᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠵᠡᠷᠭᠡ ᠲᠥᠷᠥ ᠵᠢᠨᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠬᠤ ᠶᠢᠨ ᠬᠠᠮᠲᠤ ᠠᠵᠤ ᠠᠬᠤᠶ ᠶᠢᠨ ᠡᠷᠭᠢᠯᠲᠡ ᠶᠢᠨ ᠬᠡᠰᠡᠭᠵᠠᠩᠭᠢᠯᠠᠭᠠ ᠶᠢᠨ ᠭᠤᠭᠴᠤᠭ᠎ᠠ ᠳᠤ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ | ᠠᠪᠬᠤ ᠬᠡᠷᠡᠭᠲᠡᠶ᠃ ᠡᠳ᠋ ᠤᠨ ᠵᠠᠰᠠᠭ ᠤᠨᠲ᠋ᠦ᠋ᠷᠦ ᠶᠢᠨ ᠪᠤᠳᠤᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠵᠦ᠂ ᠤᠯᠠᠨ ᠵᠦᠢᠯ ᠤᠨ ᠵᠣᠭᠤᠰᠣᠨ ᠤ | ᠲᠦᠷᠦ ᠵᠢᠨᠪᠤᠳᠤᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠪᠠ ᠪᠡᠯᠡᠬᠤᠷᠠᠮᠳᠤᠯᠭᠠ ᠶᠢ | ᠨᠡᠮᠡᠭᠳᠡᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠮᠥᠩᠭᠦᠨ ᠭᠦᠢᠯᠭᠡᠭᠡᠨ ᠤ ᠥᠨᠳᠥᠷ ᠲᠦᠪᠰᠢᠨᠪᠦ᠋ᠬᠦᠢ ᠨᠡᠭᠡᠭᠡᠯᠲᠡ ᠶᠢ ᠬᠦᠴᠦᠯᠡᠨ ᠠᠬᠢᠭᠤᠯᠵᠤ᠂ | ᠤᠯᠤᠰ ᠤᠨ ᠮᠥᠩᠭᠦᠨ ᠭᠦᠢᠯᠭᠡᠭᠡ ᠪᠠ ᠠᠵᠤ ᠠᠬᠤᠢ ᠶᠢᠨ ᠠᠮᠤᠷ ᠲᠦᠪᠰᠢᠨ ᠢᠦᠨᠡᠨ ᠬᠦ ᠪᠠᠲᠤᠯᠠᠬᠤ ᠶᠢ ᠰᠠᠨᠠᠭᠤᠯᠵᠤ ᠪᠠᠶᠢᠨ᠎ᠠ ᠬᠡᠪᠡ᠃ | ᠰᠧ ᠮᠠ ᠬᠤᠩ ᠭᠡᠰᠢᠭᠦᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠵᠢᠲ᠋ᠥ᠋ᠯᠥᠭᠡᠯᠡᠨ ᠦᠭᠡ ᠬᠡᠯᠡᠬᠦ ᠳᠡᠭᠡᠨ᠂ | ᠴᠢᠨᠠᠷ ᠰᠠᠶᠢᠲᠠᠢ ᠬᠥᠭᠵᠢᠯᠲᠡ ᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠵᠶ᠋ᠠᠷᠲ᠋ᠤᠯᠭᠠᠭᠤᠷᠢᠯᠠᠭᠤᠯᠬᠤ ᠬᠡᠷᠡᠭᠲᠡᠢ᠃ ᠠᠵᠤ ᠦᠢᠯᠡᠰ ᠤᠨ ᠣᠷᠣᠨ ᠵᠠᠶ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤᠦᠢᠯᠡᠰ ᠤᠨ ᠠᠭᠤᠰᠤᠯᠴᠠᠯ᠂ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷᠮᠠᠨᠳᠤᠭᠰᠠᠨ ᠠᠵᠤ ᠦᠢᠯᠡᠰ ᠤᠨ ᠬᠥᠭᠵᠢᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠵᠢᠲ᠋ᠠᠶᠢᠴᠢᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠲᠠᠭᠠᠭᠤᠯᠤᠬᠰᠠᠨ᠂ᠲᠡᠷᠢᠭᠦᠨ ᠤ ᠦᠢᠯᠡᠳᠬᠦ ᠦᠢᠯᠡᠰ ᠢᠶᠠᠷ | ᠭᠤᠤᠯᠯᠠᠭᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢᠪᠠᠶᠢᠭᠤᠯᠤᠨ ᠪᠦᠷᠢᠯᠳᠦᠭᠦᠯᠬᠦ ᠶᠢ ᠰᠠᠨᠠᠭᠤᠯᠵᠤ ᠪᠠᠶᠢᠨ᠎ᠠ ᠬᠡᠪᠡ᠃ | ᠴᠧ ᠵᠢᠶᠦ᠋ᠨ ᠭᠡᠰᠢᠭᠦᠨ ᠦᠭᠡ ᠬᠡᠯᠡᠬᠦ ᠳᠡᠭᠡᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨᠬᠥ᠋ᠭᠵᠢᠯᠲᠡ ᠶᠢ ᠠᠬᠢᠭᠤᠯᠬᠤ ᠪᠣᠯ | ᠨᠢᠭᠡᠨ ᠲᠤᠮᠤ ᠶᠠᠪᠤᠳᠠᠯ ᠪᠣᠯᠤᠨ᠎ᠠ᠃ ᠨᠢᠭᠡ ᠴᠤᠭᠴᠠᠵᠢᠭᠤᠯᠬᠤ ᠪᠠ ᠴᠢᠨᠠᠷ ᠰᠠᠶᠢᠲᠠᠶ ᠪᠠᠶᠢᠯᠭᠠᠬᠤᠵᠢ ᠴᠢᠩᠭ᠎ᠠ ᠡᠵᠡᠮᠳᠡᠨ᠂ ᠣᠷᠣᠨ ᠪᠦᠰᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠪᠠᠶᠢᠯᠳᠤᠬᠤᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠨᠢᠭᠡᠳᠦᠯᠲᠡᠶ | ᠲᠦᠯᠦᠪᠵᠢᠬᠦᠯᠦᠨ ᠪᠠᠶᠢᠷᠢᠯᠠᠭᠤᠯᠵᠤ᠂︽ᠪᠣᠭᠤᠮᠢ ᠪᠤᠯᠵᠤ ᠪᠠᠶᠢᠭ᠎ᠠ︾ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠲᠤᠭᠤᠷᠢᠨ ᠳᠤ ᠬᠠᠮᠲᠤᠷᠠᠨ ᠬᠦᠴᠢᠷ | ᠠᠰᠠᠭᠤᠳᠠᠯ ᠢᠰᠢᠢᠳᠪᠦᠷᠢᠯᠡᠬᠦ ᠶᠢ ᠵᠤᠬᠢᠶᠠᠨ ᠪᠠᠶᠢᠭᠤᠯᠵᠤ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠴᠢᠨᠠᠷ ᠰᠠᠶᠢᠲᠠᠶ ᠲᠣᠨᠣᠭᠯᠠᠯ᠂ᠬᠡᠷᠡᠭᠯᠡᠭᠡᠨ ᠤ ᠮᠡᠷᠭᠡᠵᠢᠯ | ᠪᠠ ᠪᠠᠷᠢᠮᠵᠢᠶ᠎ᠠ ᠶᠢᠨ ︽ᠭᠠᠳᠠᠭᠰᠢ ᠭᠠᠷᠬᠤ︾ ᠶᠢ ᠠᠬᠢᠭᠤᠯᠵᠤ᠂ ᠨᠢᠭᠡ ᠴᠤᠭᠴᠠᠵᠢᠭᠤᠯᠤᠭᠰᠠᠨ ᠵᠢᠱᠢᠶ᠎ᠡᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨᠣᠳᠣᠬᠢᠴᠢᠯᠠᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠰᠠᠨᠠᠭᠤᠯᠵᠤ ᠪᠠᠶᠢᠨ᠎ᠠ ᠬᠡᠪᠡ᠃ | ᠸᠠᠩ ᠯᠦ ᠭᠡᠰᠢᠭᠦᠨ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪᠬᠤᠷᠢᠶᠠ ᠶᠢ ᠲᠥᠯᠥᠭᠡᠯᠡᠨ ᠦᠭᠡ | ᠬᠡᠯᠡᠬᠦ ᠳᠡᠭᠡᠨ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨᠬᠥ᠋ᠭᠵᠢᠭᠦᠯᠬᠦ ᠬᠡᠷᠡᠭᠲᠡᠢ᠃ ᠰᠢᠨ᠎ᠡ ᠮᠠᠲ᠋ᠧᠷᠢᠶᠠᠯ ᠤᠨ ᠭᠤᠣᠯ ᠲᠦᠷᠦᠯ | ᠵᠦᠢᠯ ᠪᠣᠯᠤᠨ ᠭᠤᠣᠯᠳᠠᠯᠭ᠎ᠠ ᠲᠠᠢ ᠠᠵᠤ ᠦᠢᠯᠡᠰᠲ᠋ᠥ᠋ᠪᠯᠡᠷᠡᠭᠰᠡᠨ ᠣᠷᠣᠨ ᠢ ᠬᠠᠮᠤᠷᠤᠬᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦᠪᠠᠶᠢᠷᠢᠰᠢᠭᠤᠯᠤᠯᠲᠠ ᠶᠢ ᠲᠦᠷᠭᠡᠨ ᠪᠠᠶᠢᠭᠤᠯᠵᠤ᠂ ᠲᠠᠭᠠᠭᠤᠯᠤᠬᠴᠢ ᠠᠵᠤ ᠠᠬᠤᠶᠢᠯᠠᠯ᠂ ᠲᠣᠯᠣᠭᠠᠶᠢᠯᠠᠭᠴᠢ ᠠᠵᠤ | ᠠᠬᠤᠶᠢᠯᠠᠯ ᠵᠶ᠋ᠠᠷᠭᠤᠤᠯᠯᠠᠭᠤᠯᠤᠬᠰᠠᠨ ᠠᠵᠤ ᠦᠢᠯᠡᠰ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠦᠢᠯᠡᠳᠦᠯᠭᠡᠵᠢᠨ ᠭᠡᠷᠡᠭᠯᠡᠯᠳᠡ | ᠵᠡᠷᠭᠡ ᠥᠨᠳᠥᠷ ᠪᠦᠲᠦᠮᠵᠢᠲᠡᠢ ᠪᠠᠷ ᠬᠠᠮᠵᠢᠯᠴᠠᠭᠰᠠᠨ᠂ ᠡᠬᠢᠨ ᠤ ᠪᠠ ᠡᠴᠦᠰ ᠤᠨ ᠬᠡᠯᠬᠢᠶ᠎ᠡ ᠨᠢᠭᠲᠠᠬᠠᠮᠲᠤᠷᠠᠯᠴᠠᠭᠰᠠᠨ ᠠᠵᠤ ᠦᠢᠯᠡᠰ ᠤᠨ ᠪᠦᠯᠦᠭᠵᠢᠯ ᠢ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨᠭᠦ᠋ᠢᠯᠭᠡᠭᠡ᠂ ᠠᠵᠤ ᠦᠢᠯᠡᠰ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ | ᠴᠢᠳᠠᠪᠤᠷᠢᠲᠠᠨ᠂ ᠡᠬᠢ ᠪᠠᠶᠠᠯᠢᠭ᠂ ᠳ᠋ᠠᠶᠢᠲ᠋ᠠᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠢᠨ᠎ᠡ ᠮᠠᠲ᠋ᠧᠷᠢᠶᠠᠯ ᠤᠨ ᠬᠥᠭᠵᠢᠯᠲᠡ ᠶᠢᠨ ᠬᠦᠷᠢᠶ᠎ᠡ ᠴᠠᠷᠠᠭ᠎ᠠ ᠳᠤ ᠨᠡᠩ | ᠢᠯᠡᠭᠦᠦᠲ᠋ᠥ᠋ᠪᠯᠡᠷᠡᠭᠦᠯᠬᠦ ᠶᠢ ᠰᠠᠨᠠᠭᠤᠯᠵᠤ ᠪᠠᠶᠢᠨ᠎ᠠ ᠬᠡᠪᠡ᠃ | ᠺᠦᠩ ᠴᠠᠩ ᠱᠧᠩ ᠭᠡᠰᠢᠭᠦᠨ ᠦᠭᠡ ᠬᠡᠯᠡᠭᠦ ᠳᠡᠭᠡᠨ᠂ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠵᠢᠨᠠᠬᠢᠴᠠ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ ᠠᠬᠢᠴᠠ ᠪᠣᠯᠤᠨ ᠶᠠᠰᠤ ᠴᠢᠨᠠᠷ ᠤᠨ ᠰᠠᠶᠢᠨᠮᠠᠭᠤ ᠲᠠᠢ ᠰᠢᠭᠤᠳ ᠬᠤᠯᠪᠣᠭᠳᠠᠨ᠎ᠠ᠃ ᠬᠤᠰᠢᠭᠤᠷᠠᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠤᠨᠣᠳᠣᠬᠢᠴᠢᠯᠠᠯᠲᠠ ᠶᠢ ᠲᠤᠯᠭᠠᠭᠤᠷᠢᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ | ᠲᠠᠷᠢᠶᠠᠯᠠᠩ ᠤᠨ ᠮᠠᠰᠢᠨ᠂ᠲᠠᠷᠢᠶᠠᠯᠠᠩ ᠤᠨ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠭᠤᠭᠴᠤᠭ᠎ᠠ ᠶᠢᠨ | ︽ᠬᠡᠯᠬᠢᠶᠡᠮᠠᠶ᠋ᠢᠭ ᠤᠨ ᠠᠭᠤᠰᠤᠯᠴᠠᠯ︾ ᠢᠶᠠᠷ ᠲᠠᠷᠢᠶᠠᠯᠠᠩ ᠤᠨ ᠠᠵᠤ ᠦᠢᠯᠡᠰᠵᠢᠯᠲᠡ ᠶᠢ ᠠᠬᠢᠭᠤᠯᠵᠤ᠂ ᠵᠣᠬᠢᠬᠤ ᠬᠡᠪᠴᠢᠶᠡᠲᠦᠡᠵᠡᠩᠨᠡᠯᠲᠡ ᠪᠠᠷ | ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠰᠢᠨ᠎ᠡᠬᠡᠯᠪᠡᠷᠢ ᠶᠢᠨ ᠲᠠᠷᠢᠶᠠᠯᠠᠩ ᠤᠨ ᠬᠥᠷᠥᠩᠭᠡ ᠶᠢ | ᠪᠤᠶᠢᠵᠢᠭᠤᠯᠬᠤ ᠪᠠᠷ ᠲᠠᠷᠢᠶᠠᠯᠠᠩ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦᠬᠦ᠋ᠴᠦᠨ ᠢ ᠴᠢᠩᠭᠠᠷᠠᠭᠤᠯᠵᠤ᠂ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ | ᠦᠢᠯᠡᠰ ᠪᠣᠯᠭᠠᠨ ᠪᠥᠲᠥᠭᠡᠨ ᠪᠠᠶᠢᠭᠤᠯᠬᠤ ᠵᠢᠰᠠᠨᠠᠭᠤᠯᠵᠦ ᠪᠠᠶᠢᠨ᠎ᠠ ᠬᠡᠪᠡ᠃ | ᠰᠢᠤᠢ ᠰᠢᠶᠤᠤ ᠯᠠᠨ ᠭᠡᠰᠢᠭᠦᠨ ᡁᠢᠬᠦ᠋ᠡᠭᠳᠠᠩ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ᠲᠣᠭᠠᠴᠢᠯᠠᠭᠰᠠᠨ ᠮᠡᠷᠭᠡᠵᠢᠯ ᠢᠶᠠᠷ | ᠭᠤᠣᠯ ᠬᠥᠳᠡᠯᠭᠡᠬᠦ ᠬᠦᠴᠦᠨ ᠪᠣᠯᠭᠠᠵᠤ᠂ ᠰᠢᠨ᠎ᠡ ᠪᠠᠷ ᠬᠦᠭᠵᠢᠭᠰᠡᠨ ᠮᠡᠷᠭᠡᠵᠢᠯ ᠢᠶᠠᠷ ᠪᠡᠶᠡᠯᠡᠭᠦᠯᠬᠦᠠᠷᠭᠠ ᠪᠠᠷᠢᠯ ᠪᠣᠯᠭᠠᠵᠤ᠂ ᠬᠡᠷᠡᠭᠯᠡᠭᠴᠢᠳ ᠤᠨ ᠬᠡᠷᠡᠭᠴᠡᠭᠡ ᠪᠠᠷ | ᠭᠤᠣᠯ ᠤᠳᠤᠷᠢᠳᠤᠮᠵᠢ ᠪᠣᠯᠭᠠᠭᠰᠠᠨ ᠰᠢᠨ᠎ᠡ ᠬᠡᠯᠪᠡᠷᠢ ᠵᠢᠨᠬᠡᠷᠡᠭᠯᠡᠭᠡ ᠥᠷᠨᠢᠨ ᠬᠦᠭᠵᠢᠪᠡ᠃ ᠬᠡᠷᠡᠭᠴᠡᠭᠡ ᠶᠢᠨ ᠲᠠᠯ᠎ᠠ ᠠᠴᠠ ᠭᠠᠷᠳᠠᠨ ᠰᠢᠨ᠎ᠡ ᠬᠡᠷᠡᠭᠯᠡᠭᠡᠨ ᠤ | ᠴᠤᠬᠴᠠ ᠶᠢ ᠪᠤᠶᠢᠵᠢᠭᠤᠯᠵᠤ᠂ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠠᠴᠠ ᠭᠠᠷᠳᠠᠨ ᠡᠯᠪᠡᠭ ᠪᠠᠶᠠᠯᠢᠭ ᠬᠡᠷᠡᠭᠯᠡᠭᠡᠨ ᠤ ᠵᠦᠢᠯ ᠪᠠ | ᠬᠡᠷᠡᠭᠯᠡᠭᠡᠨ ᠤᠬᠡᠯᠪᠡᠷᠢ ᠶᠢ ᠬᠠᠩᠭᠠᠵᠤ᠂ ᠰᠢᠨ᠎ᠡ ᠮᠠᠶ᠋ᠢᠭ ᠤᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠡᠨ ᠤ ᠳᠠᠯᠳᠠᠬᠦ᠋ᠴᠦᠨ ᠢ | ᠲᠠᠰᠤᠷᠠᠯᠲᠠ ᠦᠭᠡᠢ ᠪᠠᠳᠠᠷᠠᠭᠤᠯᠬᠤ ᠶᠢ ᠰᠠᠨᠠᠭᠤᠯᠵᠦ ᠪᠠᠶᠢᠨ᠎ᠠ ᠬᠡᠪᠡ᠃ | ᠯᠠᠨ ᠱᠤᠤ ᠮᠢᠨ ᠭᠡᠰᠢᠭᠦᠨ ᠦᠭᠡ ᠬᠡᠯᠡᠬᠦ ᠳᠡᠭᠡᠨ᠂ ᠠᠮᠤ ᠪᠤᠳᠠᠭᠠᠨ ᠤ ᠦᠢᠯᠡᠳᠪᠦᠷᠢᠯᠡᠯ ᠪᠣᠯ ᠠᠮᠤ ᠪᠤᠳᠠᠭᠠᠨ ᠤ ᠠᠮᠤᠷᠲ᠋ᠦ᠋ᠪᠰᠢᠨ ᠤ ᠰᠠᠭᠤᠷᠢ ᠮᠥᠨ᠃ | ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠥᠷᠢ ᠵᠢᠨᠲ᠋ᠣᠭᠲᠠᠴᠠ ᠶᠢ ᠪᠠᠶᠢᠭᠤᠯᠵᠤ᠂ ᠲᠥᠪ ᠤᠨ ᠲᠡᠭᠡᠷ᠎ᠡ ᠠᠴᠠ ᠲᠤᠷᠤᠬᠰᠢ | ᠶᠠᠪᠤᠭᠤᠯᠬᠤ ᠲᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠤᠨᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠤᠶᠠᠯᠳᠤᠭᠤᠯᠵᠤ᠂ ᠠᠮᠤᠪᠤᠳᠠᠭᠠᠨ ᠤ ᠭᠠᠷᠤᠯᠲᠠ ᠶᠡᠬᠡᠲᠡᠶ ᠮᠤᠵᠢ᠂ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠢ ᠱᠠᠩᠨᠠᠨ ᠬᠥᠬᠢᠭᠦᠯᠬᠦ | ᠲᠥᠷᠥ ᠵᠢᠨᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠵᠦᠶ ᠵᠣᠬᠢᠰᠲᠠᠶᠲ᠋ᠣᠭᠲᠠᠭᠠᠵᠤ᠂ ᠠᠮᠤ | ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠡᠭᠡᠭᠰᠢᠯᠡᠭᠦᠯᠵᠦ᠂ᠵᠠᠬ᠎ᠠ ᠳᠡᠯᠭᠡᠭᠦᠷ ᠤᠨ ᠬᠦᠢᠴᠡᠳ ᠬᠠᠩᠭᠠᠯᠭ᠎ᠠ ᠶᠢ | ᠪᠠᠲᠤᠯᠠᠵᠤ᠂ ᠬᠦᠨᠡᠰᠦᠨ ᠠᠮᠤ ᠶᠢᠨ ᠲᠤᠶᠢᠯ ᠤᠨ ᠠᠮᠤᠷ ᠲᠦᠪᠰᠢᠨ ᠢ ᠪᠠᠲᠤᠯᠠᠬᠤᠶᠢ ᠰᠠᠨᠠᠭᠤᠯᠵᠦ ᠪᠠᠶᠢᠨ᠎ᠠ ᠬᠡᠪᠡ᠃ | ᠵᠤᠤ ᠵᠢᠩ ᠭᠡᠰᠢᠭᠦᠨ ︽9.3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢ ᠲᠥᠯᠥᠭᠡᠯᠡᠨ ᠦᠭᠡᠬᠡᠯᠡᠬᠦ ᠳᠡᠭᠡᠨ᠂ ᠮᠥᠩᠭᠦᠨ | ᠭᠦᠢᠯᠭᠡᠭᠡ ᠨᠢ ᠠᠮᠢᠳᠤ ᠤᠰᠤ ᠮᠡᠲᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠵᠢᠤᠰᠤᠯᠠᠵᠤ᠂ ᠰᠢᠨ᠎ᠡ ᠶᠢ ᠡᠭᠦᠳᠬᠦ ᠬᠥᠷᠥᠰᠥ ᠰᠢᠷᠣᠢ ᠶᠢ | ᠰᠢᠮᠡᠵᠢᠭᠦᠯᠵᠦ᠂ ᠰᠢᠨ᠎ᠡ ᠠᠵᠤ ᠦᠢᠯᠡᠰ ᠤᠨ ᠨᠢᠯᠬ᠎ᠠ ᠴᠢᠬᠢ ᠵᠢᠪᠤᠶᠢᠵᠢᠭᠤᠯᠳᠠᠭ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠬᠦᠢᠯᠭᠡᠭᠡᠨ ᠤ | ᠰᠢᠰᠲ᠋ᠧᠮ ᠤᠨ ᠪᠠᠶᠢᠭᠤᠯᠤᠯᠲᠠ ᠵᠢᠲ᠋ᠦ᠋ᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠬᠦᠢᠯᠭᠡᠭᠡᠨ ᠤ ᠲᠤᠰᠬᠠᠶ ᠪᠠᠯᠠ ᠮᠥᠩᠭᠦ ᠶᠢ | ᠡᠮᠬᠢᠯᠡᠨᠨᠡᠶᠢᠳᠭᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ | ᠮᠥᠩᠭᠦᠨ ᠬᠦᠢᠯᠭᠡᠭᠡᠨ ᠤ ᠴᠢᠳᠠᠪᠤᠷᠢᠲᠠᠨ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ | ᠲᠦᠷᠭᠡᠨ ᠬᠥᠮᠦᠵᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤᠲ᠋ᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ | ᠢᠯᠡ ᠲᠣᠳᠣ ᠶᠢᠨ ᠬᠡᠮᠵᠢᠶ᠎ᠡ ᠪᠠᠠᠵᠢᠯ ᠲᠥᠷᠥᠯ ᠤᠨ ᠮᠡᠳᠡᠭᠡ ᠵᠠᠩᠭᠢ ᠶᠢᠨ ᠢᠯᠡ ᠲᠣᠳᠣ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠲᠧᠭᠨᠢᠭᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠰᠠᠨᠠᠭᠤᠯᠵᠦ ᠪᠠᠶᠢᠨ᠎ᠠ ᠬᠡᠪᠡ᠃ | ᠲᠤᠤ ᡁᠢ ᠭᠡᠰᠢᠭᠦᠨ ᠨᠠᠮ ᠪᠦᠯᠦᠭ ᠤᠨ ᠪᠤᠰᠤ ᠬᠥᠮᠦᠰ ᠢ ᠲᠥᠯᠥᠭᠡᠯᠡᠨ ᠦᠭᠡ ᠬᠡᠯᠡᠬᠦ ᠳᠡᠭᠡᠨ᠂ ᠶᠡᠭᠡ ᠰᠤᠷᠭᠠᠭᠤᠯᠢ ᠪᠣᠯᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠮᠥᠨ᠃ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠢᠨᠵᠢᠯᠡᠭᠡᠨ ᠤ | ᠣᠷᠳᠣ ᠦᠶᠡᠯᠡᠯ ᠤᠨ ᠬᠤᠭᠤᠴᠠᠭ᠎ᠠ ᠶᠢ ᠨᠡᠪᠲᠡᠷᠡᠯᠴᠡᠭᠦᠯᠦᠨᠬᠥ᠋ᠮᠦᠵᠢᠭᠦᠯᠬᠦ ᠵᠠᠭᠪᠤᠷ ᠢ ᠰᠦᠪᠡᠭᠴᠢᠯᠡᠬᠦ ᠶᠢ ᠳᠡᠮᠵᠢᠵᠦ᠂ ᠰᠠᠭᠤᠷᠢ ᠰᠤᠷᠭᠠᠨ ᠬᠥᠮᠦᠵᠢᠯ ᠬᠢᠭᠡᠳ | ᠳᠡᠭᠡᠳᠦ ᠵᠡᠷᠭᠡ ᠶᠢᠨ ᠰᠤᠷᠭᠠᠨᠬᠥ᠋ᠮᠦᠵᠢᠯ ᠢ ᠵᠣᠯᠭᠠᠯᠴᠠᠭᠤᠯᠤᠨ ᠬᠥᠮᠦᠵᠢᠭᠦᠯᠬᠦ ᠶᠢ ᠴᠢᠩᠭᠠᠳᠬᠠᠵᠦ᠂ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ | ᠪᠠᠴᠢᠬᠤᠯᠠ ᠶᠡᠭᠡ ᠲᠥᠷᠥᠯ ᠵᠦᠢᠯ ᠢᠶᠠᠷ ᠬᠥᠲᠥᠯᠦᠮᠵᠢ ᠪᠣᠯᠭᠠᠵᠤ᠂ ᠱᠠᠳᠤᠴᠢᠯᠠᠬᠰᠠᠨ ᠮᠠᠶ᠋ᠢᠭ ᠤᠨ ᠰᠢᠨᠵᠢᠯᠡᠬᠦ ᠤᠬᠠᠭᠠᠨ ᠰᠤᠷᠭᠠᠨᠬᠥ᠋ᠮᠦᠵᠢᠯ ᠢ | ᠠᠭᠤᠰᠤᠯᠴᠠᠭᠤᠯᠤᠨ ᠬᠥᠮᠦᠵᠢᠭᠦᠯᠬᠦ ᠰᠢᠰᠲ᠋ᠧᠮᠮ ᠢ ᠪᠠᠶᠢᠭᠤᠯᠵᠤ᠂ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠲᠦᠪᠰᠢᠨ ᠢ ᠳᠡᠭᠡᠭᠰᠢᠯᠡᠭᠦᠯᠬᠦ ᠶᠢ ᠰᠠᠨᠠᠭᠤᠯᠵᠦ ᠪᠠᠶᠢᠨ᠎ᠠ ᠬᠡᠪᠡ᠃ | ᠨᠠᠨ ᠼᠦᠨ ᠬᠤᠢ ᠭᠡᠰᠢᠭᠦᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠲᠥᠯᠥᠭᠡᠯᠡᠨ ᠦᠭᠡᠬᠡᠯᠡᠬᠦ ᠳᠡᠭᠡᠨ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠵᠢᠠᠬᠢᠭᠤᠯᠬᠤ ᠴᠢᠬᠤᠯᠠ ᠬᠦᠴᠦᠨ ᠮᠥᠨ᠃ ᠠᠵᠤ ᠠᠬᠤᠶᠢᠯᠠᠯ ᠤᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠳᠤ ᠪᠠᠶᠢᠩᠭᠤ ᠣᠷᠣᠯᠴᠠᠬᠤ ᠲᠣᠭᠲᠠᠴᠠ ᠶᠢ | ᠪᠠᠶᠢᠭᠤᠯᠵᠤ᠂ ᠠᠷᠠᠳ ᠤᠨᠡᠵᠡᠩᠨᠡᠯᠳᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠧᠭᠨᠢᠭᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠳᠤ ᠣᠷᠣᠯᠴᠠᠬᠤ ᠶᠢ ᠳᠡᠮᠵᠢᠵᠦ᠂ ᠠᠷᠠᠳ ᠤᠨ ᠡᠵᠡᠩᠨᠡᠯᠳᠡ ᠶᠢᠨ ᠠᠵᠤᠠᠬᠤᠶᠢᠯᠠᠯ ᠤᠨ ᠡᠷᠬᠡ | ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠬᠠᠮᠠᠭᠠᠯᠠᠵᠤ᠂ ᠠᠷᠠᠳ ᠤᠨ ᠡᠵᠡᠩᠨᠡᠯᠳᠡ ᠶᠢᠨ ᠠᠵᠤᠠᠬᠤᠶᠢᠯᠠᠯ ᠤᠨ ᠴᠢᠬᠤᠯᠠ ᠦᠢᠯᠡᠳᠦᠯ ᠢ ᠬᠦᠢᠴᠡᠳ | ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳ᠋ᠤ᠋ᠬᠦ᠋ᠴᠦᠷᠬᠡᠭ ᠶᠡᠭᠡ ᠪᠣᠳᠠᠰ ᠤᠨ ᠪᠠ ᠮᠡᠷᠭᠡᠵᠢᠯ ᠤᠨ ᠰᠠᠭᠤᠷᠢ ᠶᠢ ᠴᠣᠭᠴᠠᠯᠠᠬᠤ ᠶᠢ | ᠰᠠᠨᠠᠭᠤᠯᠵᠤ ᠪᠠᠶᠢᠨ᠎ᠠ ᠬᠡᠪᠡ᠃ | ᠮᠠ ᠵᠢᠶᠠᠨ ᠲᠠᠩ ᠭᠡᠰᠢᠭᠦᠨ ᠦᠭᠡ ᠬᠡᠯᠡᠬᠦ ᠳᠡᠭᠡᠨ᠂ ᠠᠮᠢᠳᠤᠷᠠᠯ ᠤᠨ ᠲᠠᠯ᠎ᠠ ᠪᠠᠷ ᠪᠡᠶ᠎ᠡ ᠪᠠᠨ ᠲᠠᠭᠠᠭᠠᠬᠤ ᠴᠢᠳᠠᠪᠤᠷᠢᠪᠡᠨ ᠠᠯᠳᠠᠬᠰᠠᠨ ᠨᠠᠰᠤᠲᠠᠨ ᠢ | ᠠᠰᠠᠷᠠᠨ ᠰᠤᠪᠢᠯᠠᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠨᠢ ᠨᠢᠭᠡᠨᠲᠡ ᠮᠠᠨ ᠤ ᠤᠯᠤᠰ ᠤᠨᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠪᠠᠴᠢᠮ ᠰᠢᠶ᠋ᠳᠪᠦᠷᠢᠯᠡᠬᠦ ᠴᠢᠬᠤᠯᠠᠲᠠᠶ ᠲᠣᠪᠤᠶᠢᠮ᠎ᠠ ᠠᠰᠠᠭᠤᠳᠠᠯᠪᠣᠯᠵᠠᠶ᠃ ᠣᠷᠳᠣ ᠬᠤᠭᠤᠴᠠᠭ᠎ᠠ ᠪᠠᠷ ᠰᠤᠪᠢᠯᠠᠬᠤ ᠠᠵᠢᠯᠳᠠᠨ ᠤ ᠬᠠᠩᠭᠠᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠵᠦ᠂ᠨᠡᠶᠢᠭᠡᠮ ᠲᠣᠭᠤᠷᠢᠭ ᠠᠴᠠ ᠠᠮᠢᠳᠤᠷᠠᠯ ᠤᠨ ᠲᠠᠯ᠎ᠠ ᠪᠠᠷ ᠪᠡᠶ᠎ᠡ ᠪᠠᠨ ᠲᠠᠭᠠᠭᠠᠬᠤ ᠴᠢᠳᠠᠪᠤᠷᠢ ᠪᠠᠨ ᠠᠯᠳᠠᠬᠰᠠᠨ ᠨᠠᠰᠤᠲᠠᠶᠢᠴᠤᠳ | ᠲᠤ᠋ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠬᠤ ᠶᠢ ᠶᠡᠭᠡ ᠪᠠᠷ ᠳᠡᠮᠵᠢᠵᠦ᠂ ᠠᠮᠢᠳᠤᠷᠠᠯ ᠤᠨ ᠲᠠᠯ᠎ᠠ ᠪᠠᠷ ᠪᠡᠶ᠎ᠡ ᠪᠠᠨ ᠲᠠᠭᠠᠭᠠᠬᠤᠴᠢᠳᠠᠪᠤᠷᠢ ᠪᠠᠨ ᠠᠯᠳᠠᠬᠰᠠᠨ | ᠨᠠᠰᠤᠲᠠᠶᠢᠴᠤᠳ ᠲᠤ ᠲᠤᠰᠠᠯᠠᠬᠤ ᠪᠠᠭᠠᠵᠢ ᠬᠡᠷᠡᠭᠰᠡᠯ ᠢ ᠦᠢᠯᠡᠳᠪᠦᠷᠢᠯᠡᠬᠦ ᠪᠠ ᠬᠡᠷᠡᠭᠯᠡᠬᠦ ᠵᠢᠵᠣᠷᠢᠭᠵᠢᠭᠤᠯᠵᠤ᠂ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠪᠴᠢᠶ᠎ᠡ ᠵᠢᠥᠷᠭᠡᠳᠬᠡᠬᠦ ᠶᠢ ᠠᠬᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠰᠠᠨᠠᠭᠤᠯᠵᠤ ᠪᠠᠶᠢᠨᠠᠬᠡᠪᠡ᠃ | ᠰᠢᠶᠠ ᠵᠢᠶᠧ ᠭᠡᠰᠢᠭᠦᠨ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ᠦᠷᠡᠵᠢᠯ ᠤᠨ ᠦᠢᠯᠡᠰ ᠢ ᠳᠡᠮᠵᠢᠬᠦ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠣᠯ ᠬᠥᠮᠦᠨᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ | ᠠᠬᠢᠭᠤᠯᠬᠤ ᠬᠦᠴᠦᠲᠡᠶ ᠲᠦᠰᠢᠭ ᠲᠤᠯᠭᠠᠭᠤᠷᠢ ᠮᠥᠨ᠃ᠴᠢᠨᠠᠷ ᠰᠠᠶᠢᠳᠠᠢ ᠲᠦᠭᠡᠮᠡᠯ ᠠᠰᠢᠭ ᠬᠦᠷᠳᠡᠭᠡᠬᠦ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠶᠡᠭᠡ ᠪᠠᠷ ᠬᠥᠭᠵᠢᠭᠦᠯᠵᠦ᠂ᠠᠯᠪᠠᠨ ᠠᠴᠠ ᠪᠠᠶᠢᠭᠤᠯᠤᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ | ᠨᠡᠶᠢᠭᠡᠮ ᠤᠨ ᠬᠦᠴᠦᠨ ᠤ ᠲᠦᠭᠡᠮᠡᠯ ᠠᠰᠢᠭ ᠬᠦᠷᠳᠡᠭᠡᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠯᠲᠠ ᠳ᠋ᠤ᠋ᠣᠷᠣᠯᠴᠠᠬᠤ ᠶᠢ ᠵᠣᠷᠢᠭᠵᠢᠭᠤᠯᠵᠤ᠂ | ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠲᠣᠭᠲᠠᠭᠤᠨ ᠵᠶ᠋ᠠᠷᠲ᠋ᠡᠭᠡᠭᠰᠢᠯᠡᠭᠦᠯᠵᠦ᠂ ᠦᠷᠡᠵᠢᠯ ᠤᠨ ᠨᠥᠬᠦᠷᠰᠡᠭ ᠣᠷᠴᠢᠨ ᠨᠥᠬᠦᠴᠡᠯ ᠢ | ᠪᠣᠶ ᠪᠣᠯᠭᠠᠬᠤ ᠶᠢ ᠰᠠᠨᠠᠭᠤᠯᠵᠤ ᠪᠠᠶᠢᠨ᠎ᠠ ᠬᠡᠪᠡ᠃ | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ ᠬᠤᠷᠠᠯ ᠢᠡᠷᠭᠢᠯᠡᠪᠡ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠪᠦᠬᠦ ᠤᠯᠤᠰ ᠤᠨ ᠤᠯᠤᠰᠲ᠋ᠦ᠋ᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠤ᠋ ᠴᠦᠨ | ᠬᠤᠸᠠ᠂ ᠸᠠᠩ ᠶᠦᠩ᠂ ᠵᠧᠦ ᠴᠢᠶᠠᠩ᠂ ᠫᠠᠪᠠᠯᠠ·ᠭᠧᠯᠧᠭᠨᠠᠮᠵᠢᠯ᠂ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠋ ᠬᠤᠢ᠂ ᠱᠤᠤ ᠬᠤᠩ᠂ ᠴᠧᠨ ᠡᠤ᠂ ᠮᠦ | ᠬᠤᠩ᠂ ᠰᠢᠶᠠᠨ ᠬᠤᠢ᠂ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ | ᠵᠦ ᠶᠦᠩ ᠰᠢᠨ᠂ ᠶᠠᠩ ᠵᠧᠨ ᠬᠤᠷᠠᠯ ᠳᠤ ᠣᠷᠣᠯᠴᠠᠵᠠᠢ᠃ |