ᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ 14 ᠳ᠋ᠦ᠋ᠭᠡᠷ ᠬᠤᠭᠤᠴᠠᠭᠠᠨ ᠤ ᠪᠦᠬᠦ ᠤᠯᠤᠰ ᠤᠨ ᠬᠣ​ᠷᠢᠶᠠᠨ ᠤ ᠬᠤᠶᠠᠳᠤᠭᠠᠷ ᠬᠤᠷᠠᠯᠳᠤᠭᠠᠨ ᠢ ᠰᠤᠷᠪᠤᠯᠵᠢᠯᠠᠨ ᠮᠡᠳᠡᠭᠡᠯᠡᠬᠦ ᠳᠤ ᠣᠷᠣᠯᠴᠠᠵᠤ ᠪᠠᠶᠢᠭ᠎ᠠ ᠰᠣᠨᠢᠨ ᠮᠡᠳᠡᠭᠡᠨ ᠤ ᠠᠵᠢᠯᠲᠠᠳ ᠤᠨ ᠲᠥᠯᠥᠭᠡᠯᠡᠭᠴᠢᠳ ᠢ ᠡᠷᠭᠢᠨ ᠦᠵᠡᠪᠡ
ᠨᠡᠶᠢᠲᠡᠯᠡᠭᠰᠡᠨ ᠴᠠᠭ᠄
2024/3/18

        ᠨᠠᠮ  ᠤᠨ ᠲᠥᠪ ᠬᠤᠷᠢᠶᠠᠨ  ᠤ ᠤᠯᠤᠰ ᠲᠥᠷᠥ  ᠶᠢᠨ ᠲᠣᠪᠴᠢᠶᠠᠨ  ᠤ ᠪᠠᠶᠢᠩᠭᠤ  ᠶᠢᠨ ᠬᠤᠷᠢᠶᠠᠨ  ᠤ ᠭᠡᠰᠢᠭᠦᠨ᠂ ᠤᠯᠤᠰ ᠲᠥᠷᠥ  ᠶᠢᠨ ᠵᠥᠪᠯᠡᠯᠭᠡᠨ  ᠤ ᠪᠦᠬᠦ 

ᠤᠯᠤᠰ  ᠤᠨ ᠬᠤᠷᠢᠶᠠᠨ  ᠤ ᠲᠡᠷᠢᠭᠦᠯᠡᠭᠴᠢ ᠸᠠᠩ ᠬᠤ᠋ ᠨᠢᠩ 10  ᠤ  ᠦᠳᠡ   ᠶᠢᠨ  ᠡᠮᠦᠨ᠎ᠡ ᠠᠷᠠᠳ  ᠤᠨ ᠶᠡᠭᠡ ᠬᠤᠷᠠᠯ  ᠤᠨ ᠲᠠᠩᠬᠢᠮ  ᠳᠤ ᠤᠯᠤᠰ ᠲᠥᠷᠥ  ᠶᠢᠨ 

ᠵᠥᠪᠯᠡᠯᠭᠡᠨ  ᠤ 14 ᠳ᠋ᠦ᠋ᠭᠡᠷ ᠬᠤᠭᠤᠴᠠᠭᠠᠨ  ᠤ ᠪᠦᠬᠦ ᠤᠯᠤᠰ ᠤᠨ ᠬᠤᠷᠢᠶᠠᠨ  ᠤ ᠬᠤᠶᠠᠳᠤᠭᠠᠷ ᠬᠤᠷᠠᠯᠳᠤᠭᠠᠨ  ᠢ ᠰᠤᠷᠪᠤᠯᠵᠢᠯᠠᠨ ᠮᠡᠳᠡᠭᠡᠯᠡᠬᠦ  ᠳᠤ ᠣᠷᠣᠯᠴᠠᠵᠤ  

ᠪᠠᠶᠢᠭ᠎ᠠ  ᠰᠣᠨᠢᠨ  ᠮᠡᠳᠡᠭᠡᠨ   ᠤ ᠠᠵᠢᠯᠲᠠᠳ  ᠤᠨ ᠲᠥᠯᠥᠭᠡᠯᠡᠭᠴᠢᠳ  ᠢ ᠡᠷᠭᠢᠨ ᠦᠵᠡᠵᠦ᠂ ᠪᠦᠬᠦ ᠤᠯᠤᠰ  ᠤᠨ ᠤᠯᠤᠰ ᠲᠥᠷᠥ   ᠶᠢᠨ  ᠵᠥᠪᠯᠡᠯᠭᠡᠨ   ᠤ  ᠡᠮᠦᠨ᠎ᠡ

 ᠠᠴᠠ ᠣᠯᠠᠨ  ᠢ ᠴᠢᠩ ᠰᠡᠳᠬᠢᠯ  ᠠᠴᠠ  ᠪᠠᠨ ᠪᠣᠯᠭᠤᠭᠠᠨ ᠲᠣᠬᠤᠨᠢᠭᠤᠯᠵᠤ᠂ ᠲᠠᠯᠠᠷᠬᠠᠯ ᠢᠯᠡᠷᠬᠡᠶᠢᠯᠡᠭᠰᠡᠨ ᠪᠠᠶᠢᠨ᠎ᠠ᠃ 

       ᠠᠷᠠᠳ  ᠤᠨ ᠡᠳᠦᠷ  ᠤᠨ ᠰᠣᠨᠢᠨ  ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ  ᠤᠨ ᠷᠠᠳᠢᠣ᠋ ᠲᠧᠯᠸᠢᠰ   ᠤᠨ  ᠶᠡᠷᠦᠩᠬᠡᠢ ᠬᠤᠷᠢᠶ᠎ᠠ᠂ ᠭᠤᠸᠠᠩᠮᠢᠩ ᠡᠳᠦᠷ  ᠤᠨ 

ᠰᠣᠨᠢᠨ  ᠤ ᠬᠤᠷᠢᠶ᠎ᠠ᠂ ᠠᠵᠤ ᠠᠬᠤᠢ  ᠶᠢᠨ ᠡᠳᠦᠷ  ᠤᠨ ᠰᠣᠨᠢᠨ   ᠤ  ᠬᠤᠷᠢᠶ᠎ᠠ᠂  ᠳᠤᠮᠳᠠᠳᠤ ᠤᠯᠤᠰ  ᠤᠨ ᠡᠳᠦᠷ  ᠤᠨ ᠰᠣᠨᠢᠨ  ᠤ ᠬᠤᠷᠢᠶ᠎ᠠ᠂ ᠠᠷᠠᠳ  ᠤᠨ ᠤᠯᠤᠰ 

ᠲᠥᠷᠥ   ᠶᠢᠨ  ᠵᠥᠪᠯᠡᠯᠭᠡᠨ   ᠤ  ᠰᠣᠨᠢᠨ   ᠤ  ᠬᠤᠷᠢᠶ᠎ᠠ᠂ ᠳᠤᠮᠳᠠᠳᠤ ᠤᠯᠤᠰ  ᠤᠨ ᠰᠣᠨᠢᠨ ᠮᠡᠳᠡᠭᠡᠨ  ᠤ ᠬᠤᠷᠢᠶ᠎ᠠ ᠵᠡᠷᠭᠡ ᠲᠥᠪ  ᠤᠨ ᠭᠤᠣᠯ ᠪᠣᠯᠬᠤ ᠬᠡᠪᠯᠡᠯ 

ᠮᠡᠳᠡᠭᠡᠯᠡᠯ  ᠤᠨ ᠪᠠᠶᠢᠭᠤᠯᠭ᠎ᠠ ᠪᠠ ᠳᠤᠮᠳᠠᠳᠤ ᠤᠯᠤᠰ  ᠤᠨ ᠤᠯᠤᠰ ᠲᠥᠷᠥ  ᠶᠢᠨ ᠵᠥᠪᠯᠡᠯᠭᠡᠨ  ᠤ ᠰᠡᠳᠬᠦᠯ  ᠤᠨ ᠬᠤᠷᠢᠶ᠎ᠠ  ᠶᠢᠨ ᠬᠠᠷᠢᠭᠤᠴᠠᠯᠭᠠᠲᠠᠨ ᠨᠥᠬᠦᠳ ᠪᠣᠯᠣᠨ

ᠰᠤᠷᠪᠤᠯᠵᠢᠯᠠᠭᠴᠢ  ᠶᠢᠨ ᠲᠥᠯᠥᠭᠡᠯᠡᠭᠴᠢ ᠡᠷᠭᠢᠨ ᠦᠵᠡᠬᠦ ᠠᠵᠢᠯᠯᠠᠭ᠎ᠠ  ᠳᠤ ᠣᠷᠣᠯᠴᠠᠵᠤ᠂ ᠤᠯᠤᠰ ᠲᠥᠷᠥ   ᠶᠢᠨ  ᠵᠥᠪᠯᠡᠯᠭᠡᠨ   ᠤ 14 ᠳ᠋ᠦ᠋ᠭᠡᠷ ᠬᠤᠭᠤᠴᠠᠭᠠᠨ  ᠤ 

ᠪᠦᠬᠦ ᠤᠯᠤᠰ  ᠤᠨ ᠬᠤᠷᠢᠶᠠᠨ  ᠤ ᠬᠤᠶᠠᠳᠤᠭᠠᠷ ᠬᠤᠷᠠᠯᠳᠤᠭᠠᠨ  ᠢ ᠰᠤᠷᠪᠤᠯᠵᠢᠯᠠᠨ ᠮᠡᠳᠡᠭᠡᠯᠡᠬᠦ ᠠᠵᠢᠯ ᠤᠨ ᠪᠠᠶᠢᠳᠠᠯ  ᠢᠶᠠᠨ ᠲᠠᠨᠢᠯᠴᠠᠭᠤᠯᠤᠭᠰᠠᠨ ᠪᠠᠶᠢᠨ᠎ᠠ᠃    

 

   

 

 

ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ