ᠤᠷᠠᠳ ᠤᠨ ᠬᠤᠶᠢᠳᠤ ᠬᠤᠰᠢᠭᠤ ᠡᠨᠡ ᠵᠢᠯ 200 ᠲᠦᠮᠡᠨ ᠰᠠᠭᠤᠷᠢ ᠵᠤᠯᠵᠠᠭ᠎ᠠ ᠮᠣᠳᠣ ᠶᠢ ᠪᠣᠶᠢᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/19

 

    3 ᠰᠠᠷ᠎ᠠ ᠶᠢᠨ 18᠎ ᠤ ᠡᠳᠦᠷ ᠂ ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠤᠨ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠤᠨ 

ᠠᠵᠢᠯᠳᠠᠳ ᠂ ᠴᠢᠬᠢ ᠪᠣᠶᠢᠵᠢᠭᠤᠯᠬᠤ ᠰᠠᠭᠤᠷᠢᠨ ᠭᠠᠵᠠᠷ ᠤᠨ ᠬᠦᠯᠡᠮᠵᠢ ᠳᠤ ᠨᠢᠯᠬ᠎ᠠ ᠴᠢᠬᠢ ᠲᠠᠷᠢᠵᠤ ᠶᠠᠭᠠᠷᠠᠯᠳᠤᠵᠤ ᠪᠠᠶᠢᠯ᠎ᠠ᠃ ᠠᠵᠢᠯᠴᠢᠳ ᠴᠢᠬᠢ ᠮᠣᠳᠣ ᠶᠢ

ᠴᠣᠮᠣᠨ ᠳᠤ ᠰᠠᠪᠠᠯᠠᠵᠤ᠂ ᠮᠡᠷᠭᠡᠵᠢᠯ ᠤᠨ ᠠᠵᠢᠯᠲᠠᠳ ᠴᠢᠬᠢ ᠮᠣᠳᠣᠨ ᠤ ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠵᠤ ᠪᠠᠶᠢᠯ᠎ᠠ᠃

   ︽ᠰᠠᠭᠤᠷᠢᠨ ᠭᠠᠵᠠᠷ ᠤᠨ ᠡᠵᠡᠯᠡᠬᠦ ᠲᠠᠯᠠᠪᠠᠶ ᠨᠢ 8 ᠮᠦ ᠪᠠᠶᠢᠵᠤ᠂ ᠨᠢᠭᠡ ᠳᠤ ᠨᠡᠶᠢᠲᠡ 11 ᠲᠣᠮᠣ ᠫᠧᠩ ᠪᠠᠶᠢᠭᠤᠯᠵᠠᠢ︾᠃ ᠪᠠᠷᠠᠭᠤᠨ ᠪᠤᠯᠤᠩ ᠤᠨ ᠣᠶ

ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠳ᠋ᠦ᠋ ᠶᠦᠩ ᠵᠢᠶᠦ᠋ᠨ ᠰᠤᠷᠪᠤᠯᠵᠢᠯᠠᠭᠴᠢ ᠳᠤ᠄ ︽ᠰᠠᠭᠤᠷᠢᠨ ᠭᠠᠵᠠᠷ ᠨᠢ ᠤᠷᠠᠳ ᠤᠨ ᠬᠤᠶᠢᠲᠤ

ᠬᠤᠰᠢᠭᠤᠨ ᠤ ᠪᠠᠶᠢᠭᠠᠯᠢ ᠶᠢᠨ ᠣᠷᠴᠢᠨ ᠠᠬᠤᠢ ᠲᠠᠢ ᠤᠶᠠᠯᠳᠤᠭᠤᠯᠤᠨ᠂ ᠠᠳᠠᠯᠢ ᠪᠤᠰᠤ ᠤᠷᠭᠤᠮᠠᠯ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠱᠠᠲᠤ

ᠬᠤᠪᠢᠶᠠᠨ ᠴᠢᠬᠢ ᠮᠣᠳᠣ ᠶᠢ ᠦᠷᠡᠵᠢᠭᠦᠯᠦᠨ ᠪᠣᠶᠢᠵᠢᠭᠤᠯᠤᠨ᠎ᠠ᠃ ᠪᠢᠳᠡ ᠨᠢᠭᠡᠨᠲᠡ ᠶᠡᠭᠡ ᠬᠡᠮᠵᠢᠶᠡᠨ ᠤ ᠣᠷᠬᠢᠴᠠ᠂ ᠢᠰᠬᠦᠯᠡᠩ ᠴᠢᠪᠠᠭ᠎ᠠ ᠵᠡᠷᠭᠡ ᠵᠤᠯᠵᠠᠭ᠎ᠠ

ᠮᠣᠳᠣ ᠶᠢ ᠪᠣᠶᠢᠵᠢᠭᠤᠯᠤᠨ ᠭᠠᠷᠭᠠᠵᠠᠢ᠂ ᠡᠨᠡ ᠨᠢ ᠴᠥᠮ ᠭᠠᠩ ᠬᠠᠭᠰᠠᠷᠠᠭᠠᠨ ᠲᠠᠢ ᠲᠡᠮᠡᠴᠡᠬᠦ᠂ ᠬᠤᠵᠢᠷ ᠲᠤ ᠲᠡᠰᠪᠦᠷᠢᠲᠡᠢ᠂ ᠲᠠᠴᠢᠷ ᠨᠢᠮᠭᠡᠨ ᠵᠡᠷᠭᠡ ᠰᠥᠷᠬᠦ ᠶᠢ

ᠡᠰᠡᠷᠭᠦᠴᠡᠬᠦ ᠴᠢᠨᠠᠷ ᠢᠶᠠᠷ ᠴᠢᠩᠭ᠎ᠠ ᠨᠤᠲᠤᠭ ᠤᠨ ᠮᠣᠳᠣᠨ ᠤ ᠲᠥᠷᠥᠯ ᠵᠦᠢᠯ ᠪᠣᠯᠣᠨ᠎ᠠ᠂ ᠣᠲᠣ ᠶᠠᠭ ᠡᠯᠡᠰᠦ ᠮᠠᠩᠬᠠᠨ ᠠᠴᠠ ᠰᠡᠷᠭᠡᠶᠢᠯᠡᠵᠦ ᠣᠶᠢᠵᠢᠭᠤᠯᠬᠤ ᠲᠥᠷᠥᠯ

ᠵᠦᠢᠯ ᠳᠤ ᠪᠦᠯᠦᠭ ᠬᠤᠪᠢᠶᠠᠨ ᠬᠡᠷᠡᠭᠯᠡᠵᠦ ᠪᠠᠶᠢᠨ᠎ᠠ᠂ ᠨᠢᠭᠡ ᠬᠡᠰᠡᠭ ᠳᠠᠷᠢᠵᠤ᠂ ᠨᠢᠭᠡ ᠬᠡᠰᠡᠭ ᠠᠮᠢᠯᠠᠭᠤᠯᠵᠤ᠂ ᠨᠢᠭᠡ ᠬᠡᠰᠡᠭ ᠨᠣᠭᠤᠭᠠᠨ ᠪᠣᠯᠭᠠᠬᠤ ᠶᠢ ᠦᠨᠡᠨ ᠬᠦ

ᠪᠠᠲᠤᠯᠠᠵᠤ ᠪᠠᠶᠢᠨ᠎ᠠ︾ ᠭᠡᠵᠡᠢ᠃

      ᠲᠠᠨᠢᠯᠴᠠᠭᠤᠯᠤᠭᠰᠠᠨ ᠢᠶᠠᠷ᠂ ᠪᠠᠷᠠᠭᠤᠨ ᠪᠤᠯᠤᠩ ᠤᠨ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠲᠤ ᠵᠢᠯ ᠪᠦᠷᠢ ᠬᠡᠳᠦᠨ ᠠᠷᠪᠠᠨ ᠲᠦᠮᠡᠨ ᠴᠢᠬᠢ ᠮᠣᠳᠣ

ᠳᠠᠷᠢᠳᠠᠭ᠂ ᠴᠢᠬᠢ ᠮᠣᠳᠣ ᠬᠤᠳᠠᠯᠳᠤᠨ ᠠᠪᠬᠤ ᠳᠤ ᠵᠠᠷᠤᠳᠠᠯ ᠶᠡᠭᠡ᠂ ᠤᠨᠳᠤᠷᠤᠯᠲᠠ ᠶᠢᠨ ᠨᠣᠷᠮ᠎ᠠ ᠨᠢ ᠴᠦ  ᠲᠤᠤᠷ᠎ᠠ ᠪᠣᠯᠬᠤᠷ ᠲᠣᠰ ᠲᠥᠪ ᠤᠨ ᠬᠢᠨ ᠥᠨᠳᠥᠷ

ᠪᠠᠷᠢᠮᠵᠢᠶᠠᠲᠤ ᠴᠢᠬᠢ ᠪᠣᠶᠢᠵᠢᠭᠤᠯᠬᠤ ᠰᠠᠭᠤᠷᠢᠨ ᠭᠠᠵᠠᠷ ᠪᠠᠶᠢᠭᠤᠯᠵᠤ᠂ ᠢᠰᠬᠦᠯᠡᠩ ᠴᠢᠪᠠᠭ᠎ᠠ᠂ ᠵᠢᠭᠠᠷᠲᠤ ᠨᠠᠷᠠᠰᠤ ᠵᠡᠷᠭᠡ ᠤᠷᠠᠳ ᠤᠨ ᠬᠤᠶᠢᠲᠤ ᠬᠤᠰᠢᠭᠤᠨ ᠤ

ᠡᠯᠡᠰᠦᠵᠢᠭᠰᠡᠨ ᠭᠠᠵᠠᠷ ᠲᠤ ᠳᠠᠷᠢᠵᠤ ᠤᠷᠭᠤᠭᠤᠯᠬᠤ ᠳᠤ ᠲᠣᠬᠢᠷᠠᠬᠤ ᠴᠢᠬᠢ ᠮᠣᠳᠣᠨ ᠤ ᠡᠭᠦᠯᠳᠡᠷ ᠢ ᠬᠦᠴᠦᠯᠡᠨ ᠪᠣᠶᠢᠵᠢᠭᠤᠯᠵᠤ᠂ ᠪᠦᠯᠦᠭ ᠬᠤᠪᠢᠶᠠᠨ ᠲᠥᠷᠥᠯ

ᠬᠤᠪᠢᠶᠠᠨ ᠪᠣᠶᠢᠵᠢᠭᠤᠯᠵᠤ᠂ ᠰᠢᠨᠵᠢᠯᠡᠬᠦ ᠤᠬᠠᠭᠠᠨᠴᠢ ᠎ ᠪᠠᠷ ᠲᠠᠷᠢᠵᠤ ᠤᠷᠭᠤᠭᠤᠯᠬᠤ ᠠᠷᠭ᠎ᠠ ᠶᠢ ᠪᠣᠶ ᠪᠣᠯᠭᠠᠭᠰᠠᠨ ᠪᠠᠶᠢᠨ᠎ᠠ᠃

      ᠳ᠋ᠦ᠋ ᠶᠦᠩ ᠵᠢᠶᠦ᠋ᠨ ᠬᠡᠯᠡᠬᠦ ᠳᠡᠭᠡᠨ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ᠂ ᠮᠡᠷᠭᠡᠵᠢᠯ ᠬᠦᠷᠦᠯᠴᠡᠬᠦ ᠦᠭᠡᠢ᠂

ᠬᠥᠮᠥᠨ ᠴᠥᠭᠡᠨ᠂ ᠴᠠᠭ ᠪᠠᠴᠢᠮ᠂ ᠡᠭᠦᠷᠭᠡ ᠬᠦᠨᠳᠦ ᠵᠡᠷᠭᠡ ᠰᠢᠯᠲᠠᠭᠠᠨ ᠠᠴᠠ ᠪᠣᠯᠵᠤ᠂ ᠴᠢᠬᠢ ᠪᠣᠶᠢᠵᠢᠭᠤᠯᠬᠤ ᠦᠷ᠎ᠡ ᠪᠦᠲᠦᠮᠵᠢ ᠲᠡᠶᠢᠮᠦ ᠰᠠᠶᠢᠨ ᠪᠢᠰᠢ᠂ ᠴᠢᠬᠢ

ᠰᠢᠲᠠᠭᠠᠬᠤ ᠵᠡᠷᠭᠡ ᠦᠵᠡᠭᠳᠡᠯ ᠦᠷᠭᠦᠯᠵᠢ ᠭᠠᠷᠳᠠᠭ᠃ ᠡᠭᠦᠨ ᠤ ᠲᠤᠯᠠᠳᠠ᠂ ᠲᠤᠰᠬᠠᠢ ᠮᠡᠷᠭᠡᠵᠢᠯ ᠤᠨ ᠬᠥᠮᠥᠰ ᠠᠴᠠ ᠠᠰᠠᠭᠤᠨ ᠯᠠᠪᠯᠠᠬᠤ ᠶᠢᠨ ᠬᠠᠮᠲᠤ ᠴᠢᠬᠢ

ᠪᠣᠶᠢᠵᠢᠭᠤᠯᠬᠤ ᠰᠠᠭᠤᠷᠢᠨ ᠭᠠᠵᠠᠷ ᠤᠨ ᠴᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠢᠮ ︽ᠠᠷᠭ᠎ᠠ ᠵᠠᠮ︾᠎ ᠢ ᠠᠭᠠᠵᠢᠮ ᠢᠶᠠᠷ ᠰᠦᠪᠡᠭᠴᠢᠯᠡᠨ ᠭᠠᠷᠭᠠᠵᠠᠢ᠃

︽2024 ᠣᠨ ᠳᠤ᠂ ᠪᠢᠳᠡ 40 ᠮᠦ 200 ᠲᠦᠮᠡᠨ ᠰᠠᠭᠤᠷᠢ ᠰᠠᠶᠢᠨ ᠡᠭᠦᠯᠳᠡᠷ ᠤᠨ ᠴᠢᠬᠢ ᠪᠣᠶᠢᠵᠢᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂

ᠤᠯᠠᠭᠠᠨᠪᠤᠬ᠎ᠠ ᠶᠢᠨ ᠡᠯᠡᠰᠦᠨ ᠴᠥᠯ ᠢ ᠵᠠᠰᠠᠬᠤ᠂ ᠪᠥᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠶ ᠰᠢᠭᠤᠢ ᠶᠢᠨ

ᠲᠠᠯᠠᠪᠠᠶ ᠶᠢ ᠡᠭᠦᠳᠦᠨ ᠪᠠᠶᠢᠭᠤᠯᠬᠤ᠂ ᠬᠠᠲᠤᠨ ᠭᠤᠣᠯ ᠤᠨ ︿  ᠲᠤᠬᠤᠢ﹀᠎ ᠶᠢᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠳᠤ ᠪᠥᠬᠦ ᠬᠦᠴᠦᠨ ᠢᠶᠠᠷ ᠢᠶᠠᠨ ᠴᠢᠬᠢ

ᠮᠣᠳᠣᠨ ᠤ ᠪᠠᠲᠤᠯᠠᠭ᠎ᠠ ᠬᠠᠩᠭᠠᠨ᠎ᠠ︾ ᠭᠡᠵᠡᠢ᠃ ᠭᠡᠵᠦ ᠳ᠋ᠦ᠋ ᠶᠦᠩ ᠵᠢᠶᠦ᠋ᠨ ᠢᠲᠡᠭᠡᠯ ᠲᠡᠭᠦᠯᠳᠡᠷ ᠢᠶᠠᠷ ᠬᠡᠯᠡᠪᠡ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ