ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ
ᠨᠡᠶᠢᠲᠡᠯᠡᠭᠰᠡᠨ ᠴᠠᠭ᠄
2024/3/19

      2024 ᠣᠨ ᠳᠤ᠂ ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢᠬᠢ ᠬᠥᠮᠥᠨ ᠰᠢᠨ᠎ᠡ ᠪᠠᠷ ᠠᠵᠢᠯ ᠣᠯᠵᠤ᠂ ᠰᠠᠭᠤᠭᠠᠯᠢ ᠠᠷᠠᠳ ᠤᠨ ᠡᠮᠴᠢᠯᠡᠭᠡᠨ ᠤ

ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ

ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠪᠡ᠁

ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠢ ᠠᠷᠠᠳ ᠤᠨ ᠬᠦᠰᠡᠯ ᠡᠷᠡᠮᠡᠯᠵᠡᠯ ᠳᠤ

ᠬᠠᠷᠢᠭᠤ ᠥᠭᠴᠦ᠂ ᠵᠠᠰᠠᠭ ᠶᠠᠪᠤᠭᠤᠯᠬᠤ ᠬᠠᠨᠳᠤᠰᠢ ᠶᠢ ᠲᠣᠳᠣᠷᠬᠠᠶᠢᠯᠠᠪᠠ᠃

     14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠲᠤ ᠠᠪᠴᠤ ᠬᠡᠯᠡᠪᠡᠯ᠂ ᠨᠥᠬᠦᠪᠦᠷᠢ ᠪᠠ ᠪᠠᠷᠢᠮᠵᠢᠶ᠎ᠠ ᠶᠢ 1 ᠲᠥᠭᠦᠷᠢᠭ ᠳᠡᠭᠡᠭᠰᠢᠯᠡᠭᠦᠯᠦᠭᠰᠡᠨ

ᠴᠦ ︽ᠶᠡᠭᠡ ᠲᠤᠭ᠎ᠠ︾ ᠪᠣᠯᠳᠠᠭ᠃ ᠪᠦᠬᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠤᠯᠠᠨ ᠳᠠᠪᠬᠤᠷ ᠥᠷᠢᠰᠦᠯᠳᠦᠭᠡᠨ ᠤ ᠡᠮᠦᠨ᠎ᠡ ᠮᠠᠨ ᠤ ᠤᠯᠤᠰ

ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠲᠠᠰᠤᠷᠠᠯᠲᠠ ᠦᠭᠡᠢ ᠡᠷᠴᠢᠮᠵᠢᠭᠦᠯᠦᠭᠰᠡᠭᠡᠷ ᠪᠠᠶᠢᠨ᠎ᠠ᠃ ᠵᠠᠰᠠᠭ ᠤᠨ ᠣᠷᠳᠣᠨ ᠨᠠᠷᠢᠯᠢᠭ ᠪᠤᠳᠤᠵᠤ

ᠠᠷᠪᠢᠯᠠᠨ ᠭᠠᠮᠨᠠᠵᠤ ᠪᠠᠶᠢᠭ᠎ᠠ ᠨᠢ ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠵᠤ᠂ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ

ᠵᠠᠩᠭᠢᠯᠠᠭ᠎ᠠ ᠳᠤ ᠬᠡᠷᠡᠭᠯᠡᠬᠦ ᠶᠢᠨ ᠲᠥᠯᠥᠭᠡ ᠶᠤᠮ᠃

      ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ

ᠳᠤᠷᠠᠳᠤᠭᠰᠠᠨ ᠢᠶᠠᠷ᠂ 2024 ᠣᠨ ᠳᠤ ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ

ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ

ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠠᠵᠢᠯ

ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃

      ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠳᠤ ᠠᠮᠠᠷᠬᠠᠨ ᠠᠵᠢᠯ ᠣᠯᠭᠤᠵᠤ᠂ ᠰᠠᠶᠢᠨ ᠠᠵᠢᠯ ᠣᠯᠭᠤᠨ᠎ᠠ᠃ ︽ᠲᠥᠷᠥ ᠶᠢᠨ ᠪᠣᠳᠣᠯᠭ᠎ᠠ

ᠳᠡᠮᠵᠢᠵᠦ᠂ ᠬᠤᠪᠢ ᠬᠥᠮᠥᠨ ᠴᠢᠷᠮᠠᠶᠢᠵᠤ᠂ ᠦᠢᠯᠡᠴᠢᠯᠡᠭᠡ ᠲᠤᠰᠠᠯᠠᠪᠠᠯ ᠠᠵᠢᠯ ᠣᠯᠭᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠴᠢᠳᠠᠨ᠎ᠠ᠃︾ ᠭᠡᠵᠦ

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠥᠩ ᠬᠡᠯᠡᠪᠡ᠃

      ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ

ᠳᠡᠭᠡᠭᠰᠢᠯᠡᠭᠦᠯᠵᠦ᠂ ᠲᠣᠮᠣ ᠤᠯᠤᠰ ᠤᠨ ᠡᠮᠴᠢᠯᠡᠭᠡᠨ ᠤ ᠳᠠᠭᠠᠳᠬᠠᠯ ᠳᠠᠬᠢᠨᠲᠠ ᠬᠦᠴᠦᠯᠡᠪᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠡᠮᠴᠢᠯᠡᠭᠡᠨ ᠤ ᠪᠠᠲᠤᠯᠠᠭ᠎ᠠ ᠶᠢᠨ

ᠰᠦᠯᠵᠢᠶ᠎ᠡ ᠶᠢ ᠪᠠᠶᠢᠭᠤᠯᠤᠭᠰᠠᠨ ᠤᠯᠤᠰ ᠲᠤ ᠠᠪᠴᠤ ᠬᠡᠯᠡᠪᠡᠯ᠂ ᠣᠳᠣᠬᠠᠨ ᠳᠤ ᠮᠠᠨ ᠤ ᠤᠯᠤᠰ ᠤᠨ ᠳᠠᠭᠠᠳᠬᠠᠯ ᠳᠤ ᠣᠷᠣᠯᠴᠠᠭᠰᠠᠨ ᠬᠥᠮᠥᠨ 13 ᠳ᠋ᠦᠩᠰᠢᠭᠤᠷ ᠢ

ᠳᠠᠪᠠᠵᠠᠢ᠂ ᠡᠨᠡ ᠤᠳᠠᠭ᠎ᠠ ᠪᠠᠰᠠ ᠨᠥᠬᠦᠪᠦᠷᠢ ᠶᠢᠨ ᠰᠢᠨ᠎ᠡ ᠪᠠᠷᠢᠮᠵᠢᠶ᠎ᠠ ᠶᠢ ᠳᠤᠷᠠᠳᠤᠭᠰᠠᠨ ᠨᠢ ᠵᠠᠰᠠᠭ ᠤᠨ ᠣᠷᠳᠣᠨ ᠤ ᠠᠷᠠᠳ ᠤᠨ ᠡᠪᠡᠳᠴᠢᠨ ᠦᠵᠡᠭᠦᠯᠬᠦ

ᠠᠰᠠᠭᠤᠳᠠᠯ ᠢ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠵᠣᠷᠢᠭ ᠪᠠ ᠡᠷᠴᠢᠮ ᠢ ᠭᠦᠢᠴᠡᠳ ᠢᠯᠡᠷᠡᠭᠦᠯᠦᠭᠰᠡᠨ ᠪᠠᠶᠢᠨ᠎ᠠ᠃

      ᠢᠯᠡᠳᠬᠡᠯ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠬᠤ᠂ ᠤᠯᠤᠰ ᠤᠨ

ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ

ᠪᠠᠶᠢᠩᠭᠤᠰᠢᠷᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠤᠨ

ᠲᠡᠭᠦᠯᠳᠡᠷᠵᠢᠭᠦᠯᠬᠦ ᠁  ᠶᠢ ᠳᠤᠷᠠᠳᠴᠠᠢ᠃ ᠵᠦᠢᠯ ᠪᠦᠬᠦᠨ ᠨᠢ ᠴᠥᠮ ᠠᠷᠠᠳ ᠲᠦᠮᠡᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ

ᠪᠠᠬᠢᠵᠢᠭᠦᠯᠬᠦ ᠲᠠᠢ ᠨᠢᠭᠲᠠ ᠬᠤᠯᠪᠣᠭ᠎ᠠ ᠲᠠᠢ ᠪᠠᠶᠢᠨ᠎ᠠ᠃

      ᠨᠠᠰᠤᠵᠢᠯ ᠥᠷᠭᠡᠵᠢᠵᠦ ᠪᠠᠶᠢᠨ᠎ᠠ᠂ ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠢ ᠬᠡᠷᠬᠢᠨ ᠬᠢᠬᠦ ᠪᠤᠶ︖ ᠵᠠᠰᠠᠭ ᠤᠨ

ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠢᠶᠠᠷ᠂ ᠪᠥᠬᠦ ᠤᠯᠤᠰ ᠲᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ

ᠬᠡᠷᠡᠭᠵᠢᠭᠦᠯᠬᠦ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠬᠦ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ

ᠪᠠᠶᠢᠭᠤᠯᠬᠤ ᠶᠢ ᠠᠬᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ ᠨᠦᠭᠦᠳ ᠢ ᠪᠠᠭᠲᠠᠭᠠᠵᠤ᠂ ᠨᠠᠰᠤᠵᠢᠯ ᠢ ᠠᠷᠭᠠᠴᠠᠭᠠᠬᠤ ᠠᠯᠬᠤᠮ ᠢ ᠢᠳᠡᠪᠬᠢᠲᠡᠢ ᠪᠥᠭᠡᠳ ᠯᠠᠪᠳᠠᠭᠤᠨ

ᠪᠠᠶᠢᠯᠭᠠᠨ᠎ᠠ ᠭᠡᠵᠡᠢ᠃

      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ

ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠳᠤᠲᠠᠭᠳᠠᠯ ᠢ ᠨᠥᠬᠦᠪᠦᠷᠢᠯᠡᠬᠦ ᠪᠠᠨ ᠡᠷᠴᠢᠮᠵᠢᠭᠦᠯᠦᠨ᠎ᠡ

ᠭᠡᠵᠡᠢ᠃ ᠡᠨᠡ ᠨᠢ ᠬᠥᠳᠡᠭᠡ ᠲᠣᠰᠬᠤᠨ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠾᠧᠨᠠᠨ

ᠮᠤᠵᠢ ᠶᠢᠨ ᠺᠠᠶᠢᠹᠧᠩ ᠬᠤᠳᠠ ᠶᠢᠨ ᠯᠠᠨᠺᠤᠤ ᠰᠢᠶᠠᠨ ᠤ ᠰᠠᠨ ᠢ ᠵᠠᠢ ᠰᠢᠶᠠᠩ ᠤᠨ ᠪᠠᠢ ᠶᠦᠨ ᠱᠠᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠪᠦᠦ

ᠴᠤᠤ ᠳᠤ ᠭᠦᠨ ᠲᠥᠷᠥᠭᠳᠡᠯ ᠥᠭᠭᠦᠭᠰᠡᠨ ᠪᠠᠶᠢᠨ᠎ᠠ᠃ ᠲᠡᠷᠡ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢᠨ ᠪᠡᠯᠡ ᠮᠥᠩᠭᠦ ᠶᠢᠨ

ᠳᠡᠮᠵᠢᠯᠭᠡ ᠶᠢ ᠡᠷᠴᠢᠮᠵᠢᠭᠦᠯᠵᠦ᠂ ᠨᠠᠰᠤᠲᠠᠨ ᠢ ᠲᠤᠰᠠᠯᠠᠬᠤ ᠬᠤᠭᠤᠯᠠᠨ ᠭᠡᠷ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠵᠡᠷᠭᠡ ᠰᠠᠨᠠᠭᠤᠯᠭ᠎ᠠ ᠳᠤᠷᠠᠳᠴᠠᠢ᠃

      ᠬᠥᠮᠥᠨ ᠪᠣᠯᠭᠠᠨ ᠥᠲᠡᠯᠵᠦ᠂ ᠠᠶᠢᠯ ᠪᠣᠯᠭᠠᠨ ᠳᠤ ᠬᠡᠦᠬᠡᠳ ᠲᠠᠢ ᠪᠠᠶᠢᠳᠠᠭ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠢᠶᠠᠷ᠂

ᠨᠢᠳᠤᠨᠤᠨ ᠮᠠᠨ ᠤ ᠤᠯᠤᠰ ︽ᠨᠢᠭᠡ ᠨᠠᠰᠤᠲᠠᠨ ᠨᠢᠭᠡ ᠬᠡᠦᠬᠡᠳ︾᠎ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠨᠡᠮᠡᠯᠲᠡ ᠶᠢ ᠬᠠᠰᠤᠵᠤ

ᠭᠠᠷᠭᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠬᠦᠷᠲᠡᠪᠡ᠃ ᠡᠨᠡ ᠵᠢᠯ ᠭᠡᠷ ᠪᠦᠯᠢ ᠶᠢᠨ ᠬᠡᠦᠬᠡᠳ ᠠᠪᠬᠤ᠂

ᠬᠡᠦᠬᠡᠳ ᠲᠡᠵᠢᠭᠡᠬᠦ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠨᠢ ᠬᠥᠩᠭᠡᠷᠡᠭᠦᠯᠬᠦ ᠵᠢᠴᠢ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ᠂

ᠦᠷᠡᠵᠢᠯ ᠤᠨ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠰᠢᠯᠢᠳᠡᠭᠵᠢᠭᠦᠯᠬᠦ ᠵᠡᠷᠭᠡ ᠶᠢ ᠳᠤᠷᠠᠳᠤᠭᠰᠠᠨ ᠨᠢ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠤᠨ

ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃

      ᠰᠤᠷᠭᠠᠨ ᠬᠥᠮᠦᠵᠢᠯ ᠮᠢᠩᠭ᠎ᠠ ᠲᠦᠮᠡᠨ ᠠᠶᠢᠯ ᠡᠷᠦᠬᠡ ᠶᠢ ᠨᠥᠯᠥᠭᠡᠯᠡᠨ᠎ᠡ᠃ ᠰᠤᠷᠭᠠᠭᠤᠯᠢ ᠳᠤ ᠪᠠᠶᠢᠭ᠎ᠠ 2.9 ᠳ᠋ᠦᠩᠰᠢᠭᠤᠷ ᠭᠠᠷᠤᠢ ᠰᠣᠷᠣᠭᠴᠢᠳ ᠲᠠᠢ

ᠰᠤᠷᠭᠠᠨ ᠬᠥᠮᠦᠵᠢᠯ ᠤᠨ ᠲᠣᠮᠣ ᠤᠯᠤᠰ ᠤᠨ ᠰᠤᠷᠭᠠᠨ ᠬᠥᠮᠦᠵᠢᠯ ᠢ ᠬᠡᠷᠬᠢᠨ ᠰᠠᠶᠢᠲᠤᠷ ᠡᠷᠭᠢᠯᠡᠬᠦ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃

ᠰᠠᠶ᠋ᠢᠬᠠᠨ ᠥᠩᠭᠡᠷᠡᠭᠰᠡᠨ 2023 ᠣᠨ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠦᠦ ᠮᠥᠩᠭᠦ ᠶᠢ

ᠪᠠᠭᠤᠷᠠᠭᠤᠯᠤᠨ 1100 ᠭᠠᠷᠤᠢ ᠲᠦᠮᠡᠨ ᠰᠣᠷᠣᠭᠴᠢ ᠳᠤ ᠠᠰᠢᠭ ᠬᠦᠷᠲᠡᠭᠡᠵᠡᠢ᠃ ᠡᠨᠡ ᠵᠢᠯ ᠤᠨ ᠢᠯᠡᠳᠬᠡᠯ ᠳᠤ ᠪᠠᠰᠠ ︽ᠰᠠᠭᠤᠷᠢ ᠰᠤᠷᠭᠠᠨ ᠬᠥᠮᠦᠵᠢᠯ ᠤᠨ

ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ︾ ︽ᠬᠥᠳᠡᠭᠡ ᠲᠣᠰᠬᠤᠨ ᠤ ᠪᠠᠶᠢᠷᠢᠯᠠᠬᠤ ᠳᠦᠷᠢᠮᠲᠦ ᠰᠤᠷᠭᠠᠭᠤᠯᠢ ᠶᠢᠨ

ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠎ᠠ︾ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ︾ ᠭᠡᠬᠦ

ᠵᠡᠷᠭᠡ ᠶᠢ ᠳᠤᠷᠠᠳᠤᠭᠰᠠᠨ ᠨᠢ ᠠᠷᠠᠳ ᠣᠯᠠᠨ ᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠲᠡᠭᠡᠯ ᠡᠪᠦᠷᠯᠡᠭᠦᠯᠪᠡ᠃

      ᠢᠯᠡᠳᠬᠡᠯ ᠳᠤ ᠳᠤᠷᠠᠳᠤᠭᠰᠠᠨ ᠲᠣᠭᠠᠴᠢᠯᠠᠭᠰᠠᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠳᠤ ᠴᠢᠭᠯᠡᠭᠦᠯᠦᠨ᠂ ᠪᠥᠬᠦ ᠤᠯᠤᠰ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠧᠢ ᠵᠢᠶᠦ᠋ᠨ ᠥᠪᠡᠷ ᠤᠨ ᠰᠠᠨᠠᠭᠤᠯᠭ᠎ᠠ ᠪᠠᠨ ᠳᠤᠷᠠᠳᠴᠤ᠂ ᠬᠢᠮᠡᠯ ᠣᠶᠣᠨ ᠤ ᠬᠡᠪ ᠪᠣᠯᠪᠠᠰᠤᠷᠠᠯ ᠤᠨ

ᠬᠥᠮᠦᠵᠢᠯ ᠢ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠣᠷᠣᠭᠤᠯᠵᠤ᠂ ᠬᠢᠮᠡᠯ ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ

ᠲᠣᠬᠢᠷᠠᠭᠤᠯᠬᠤ ᠬᠡᠷᠡᠭᠲᠡᠢ︔ ᠶᠡᠭᠡ ᠳᠡᠭᠡᠳᠦ ᠰᠤᠷᠭᠠᠭᠤᠯᠢ ᠶᠢᠨ ᠬᠢᠮᠡᠯ ᠣᠶᠣᠨ ᠤ ᠬᠠᠮᠢᠶ᠎ᠠ ᠪᠦᠬᠦᠢ ᠮᠡᠷᠭᠡᠵᠢᠯ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠢᠮᠡᠯ

ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ ᠢ ᠨᠡᠩ ᠤᠯᠠᠨ ᠮᠡᠷᠭᠡᠵᠢᠯ ᠵᠦᠭ ᠥᠷᠭᠡᠳᠬᠡᠵᠦ᠂ ᠬᠦᠷᠢᠶ᠎ᠡ ᠠᠯᠤᠰᠯᠠᠭᠰᠠᠨ ᠴᠢᠳᠠᠪᠤᠷᠢᠲᠠᠨ ᠢ ᠨᠡᠩ ᠣᠯᠠᠨ

ᠬᠥᠮᠥᠵᠢᠭᠦᠯᠦᠨ᠎ᠡ ᠭᠡᠵᠡᠢ᠃

      ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠤᠭᠤᠳ ᠪᠣᠯ ᠵᠠᠰᠠᠭ ᠤᠨ ᠣᠷᠳᠣᠨ ᠤ ᠦᠨᠡᠨ ᠪᠣᠳᠠᠲᠠᠢ ᠠᠮᠠᠯᠠᠯᠲᠠ ᠮᠥᠷᠲᠡᠭᠡᠨ ᠬᠥᠭᠵᠢᠯᠲᠡ ᠶᠢᠨ ᠴᠢᠨᠠᠷ

ᠴᠢᠨᠰᠠᠭ᠎ᠠ ᠶᠢ ᠰᠢᠯᠭᠠᠬᠤ ᠴᠢᠬᠤᠯᠠ ᠪᠠᠷᠢᠮᠵᠢᠶ᠎ᠠ ᠮᠥᠨ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ