| ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠨᠢ ᠭᠡᠷ ᠪᠦᠯᠢ ᠪᠣᠯᠭᠠᠨ ᠤ ᠠᠰᠢᠭ ᠲᠤᠰᠠ ᠲᠠᠢ ᠬᠤᠯᠪᠣᠭᠳᠠᠵᠤ᠂ ᠤᠯᠤᠰ ᠣᠷᠣᠨ ᠪᠠ | ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠵᠤ ᠪᠠᠶᠢᠳᠠᠭ᠃ 12 ᠤᠨ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠳᠤ ᠴᠢᠬᠤᠯᠠᠴᠢᠯᠠᠭᠰᠠᠨ ᠢᠶᠠᠷ᠂ ᠰᠤᠷᠭᠠᠭᠤᠯᠢ ᠡᠷᠭᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠴᠢᠨᠠᠷ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ᠂ ᠣᠯᠠᠨ ᠲᠦᠮᠡᠨ ᠤ ᠬᠤᠭᠤᠷᠣᠨᠳᠤᠬᠢ ᠰᠤᠷᠭᠠᠨ | ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠨᠠᠩ ᠡᠷᠬᠡ ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ | ᠡᠷᠭᠢᠯᠡᠬᠦ ᠬᠡᠷᠡᠭᠲᠡᠢ᠃ ᠬᠥᠮᠥᠨ ᠠᠮᠠ ᠶᠢᠨ ᠬᠤᠪᠢᠷᠠᠯᠲᠠ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠤᠷᠢᠳᠴᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠢ | ᠭᠤᠭᠴᠤᠭ᠎ᠠ ᠲᠡᠶᠢᠰᠢ ᠬᠡᠯᠪᠡᠶᠢᠯᠭᠡᠬᠦ ᠪᠠᠨ ᠡᠷᠴᠢᠮᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠳᠠᠯ ᠢ ᠬᠦᠴᠦᠯᠡᠨ | ᠨᠥᠬᠦᠪᠦᠷᠢᠯᠡᠬᠦ ᠬᠡᠷᠡᠭᠲᠡᠢ ᠭᠡᠵᠡᠢ᠃ | ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠭᠰᠠᠨ ᠢᠶᠠᠷ᠂ | ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠲᠦᠷᠭᠡᠨ ᠬᠥᠭᠵᠢᠵᠦ᠂ 2000 ᠣᠨ ᠳᠤ | ᠦᠨᠳᠦᠰᠦᠨ ᠳᠤ ᠪᠠᠨ ᠲᠦᠭᠡᠮᠡᠯᠵᠢᠵᠦ᠂ 2011 ᠣᠨ ᠳᠤ ᠪᠥᠬᠦ ᠲᠠᠯ᠎ᠠ ᠪᠠᠷ ᠲᠦᠭᠡᠮᠡᠯᠵᠢᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ | ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ 2021 ᠣᠨ ᠤ ᠡᠴᠦᠰ ᠪᠣᠯᠬᠤ ᠳᠤ᠂ ᠪᠥᠬᠦ | ᠤᠯᠤᠰ ᠤᠨ ᠰᠢᠶᠠᠨ ᠲᠣᠭᠤᠷᠢᠭ ᠪᠥᠬᠦᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠬᠥᠭᠵᠢᠭᠦᠯᠬᠦ ᠶᠢ ᠬᠢᠨᠠᠨ | ᠵᠢᠯᠤᠭᠤᠳᠴᠤ ᠦᠨᠡᠯᠡᠨ ᠵᠢᠱᠢᠬᠦ ᠶᠢ ᠥᠩᠭᠡᠷᠡᠭᠦᠯᠵᠦ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠤ ᠪᠠᠨ ᠲᠡᠩᠴᠡᠭᠦᠷᠢᠲᠡᠢ ᠪᠣᠯᠵᠠᠢ᠃ | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠮᠠᠨ ᠤ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠲᠦᠭᠡᠮᠡᠯᠵᠢᠯᠲᠡ ᠳᠡᠯᠡᠬᠡᠢ ᠶᠢᠨ ᠥᠨᠳᠥᠷ ᠣᠷᠣᠯᠭ᠎ᠠ ᠲᠠᠢ ᠤᠯᠤᠰ ᠤᠨ ᠳᠤᠮᠳᠠᠴᠢ ᠲᠦᠪᠰᠢᠨ ᠳᠤ ᠬᠦᠷᠴᠦ᠂ ᠵᠠᠷᠤᠳᠠᠯ ᠤᠨ ᠪᠠᠲᠤᠯᠠᠭ᠎ᠠ ᠪᠠ | ᠰᠤᠷᠭᠠᠭᠤᠯᠢ ᠡᠷᠭᠢᠯᠡᠬᠦ ᠨᠥᠬᠦᠴᠡᠯ ᠢᠯᠡᠳᠲᠡ ᠰᠠᠶᠢᠵᠢᠷᠠᠨ᠂ ᠪᠠᠭᠰᠢ ᠶᠢᠨ ᠡᠩᠨᠡᠭᠡᠨ ᠤ ᠬᠡᠪ ᠴᠢᠨᠠᠷ ᠢᠯᠡᠳᠲᠡ ᠳᠡᠭᠡᠭᠰᠢᠯᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ | ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ᠃ | ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠦᠭᠰᠡᠨ ᠤ ᠲᠠᠷᠠᠭ᠎ᠠ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠬᠠᠷᠠᠯᠲᠠ ᠨᠢ ᠴᠢᠨᠠᠷ ᠰᠠᠶᠢᠨ ᠲᠡᠩᠴᠡᠭᠦᠷᠢᠲᠡᠢ ᠲᠡᠶᠢᠰᠢ ᠤᠷᠤᠭᠰᠢᠯᠠᠬᠤ ᠶᠠᠪᠤᠳᠠᠯ ᠪᠣᠯᠪᠠ᠃ 2023 ᠣᠨ ᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ ᠰᠠᠶᠢᠨ ᠲᠡᠩᠴᠡᠭᠦᠷᠢᠲᠡᠢ ᠦᠨᠳᠦᠰᠦᠨ | ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 2035 ᠣᠨ | ᠪᠣᠯᠲᠠᠯ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ ᠣᠷᠣᠭᠤᠯᠤᠯᠲᠠ᠂ | ᠵᠠᠰᠠᠯᠲᠠ ᠶᠢᠨ ᠲᠣᠭᠲᠠᠯᠴᠠᠭ᠎ᠠ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠡᠷᠡᠭᠴᠡᠭᠡ ᠳᠤ ᠵᠣᠬᠢᠴᠠᠵᠤ᠂ ᠬᠤᠲᠠ ︵ᠭᠠᠵᠠᠷ ᠣᠷᠣᠨ᠂ ᠵᠧᠦ᠂ ᠠᠶᠢᠮᠠᠭ︶ | ᠶᠢᠨ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠵᠣᠩᠬᠢᠯᠠᠬᠤ ᠣᠯᠠᠨ ᠲᠣᠭᠠᠨ ᠤ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠨ | ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠵᠦ᠂ ᠰᠤᠷᠬᠤ ᠨᠠᠰᠤᠨ ᠤ ᠰᠤᠷᠤᠭᠴᠢᠳ ᠲᠤ ᠲᠥᠪ ᠭᠤᠥᠯᠴᠢ ᠴᠢᠨᠠᠷ ᠰᠠᠶᠢᠲᠠᠢ ᠦᠨᠳᠦᠰᠦᠨ ᠨᠡᠶᠢᠲᠡ ᠶᠢᠨ ᠰᠤᠷᠭᠠᠨ | ᠬᠥᠮᠦᠵᠢᠯ ᠤᠨ ᠦᠢᠯᠡᠴᠢᠯᠡᠭᠡ ᠶᠢ ᠡᠳ᠋ᠯᠡᠭᠦᠯᠵᠦ᠂ ᠶᠡᠷᠦᠩᠬᠡᠢ ᠲᠦᠪᠰᠢᠨ ᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ ᠭᠡᠵᠦ ᠳᠤᠷᠠᠳᠪᠠ᠃ | ᠡᠨᠡ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ ᠳᠠᠷᠠᠭ᠎ᠠ ᠪᠠᠷ ᠶᠠᠮᠠᠷ ᠠᠷᠭ᠎ᠠ ᠪᠠᠷᠢᠯ ᠠᠪᠬᠤ ᠪᠤᠶ︖ | ᠲᠣᠰ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠠᠷᠠᠭ᠎ᠠ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠶᠢᠨ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ ᠪᠠᠷᠢᠮᠲᠠᠯᠠᠨ᠂ | ᠬᠥᠭᠵᠢᠯᠲᠡ ᠶᠢᠨ ᠲᠥᠯᠥᠪᠯᠡᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠵᠠᠷᠤᠳᠠᠯ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠬᠤ ᠶᠢ ᠪᠠᠷᠢᠮᠲᠠᠯᠠᠵᠤ᠂ ᠨᠠᠩ ᠡᠷᠬᠡ | ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ ᠭᠡᠵᠡᠢ᠃ | ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠠᠷᠭ᠎ᠠ ᠬᠡᠯᠪᠡᠷᠢ ᠶᠢ ᠡᠭᠦᠳᠴᠦ᠂ ᠰᠤᠷᠤᠭᠴᠢᠳ ᠤᠨ ᠶᠣᠰᠣ ᠤᠶᠤᠨ ᠲᠠᠮᠢᠷ ᠭᠤᠸ᠎ᠠ ᠬᠥᠳᠡᠯᠮᠦᠷᠢ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ︔ ᠰᠤᠷᠭᠠᠭᠤᠯᠢ ᠶᠢᠨ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠯᠡᠭᠦᠯᠦᠨ | ᠰᠠᠶᠢᠲᠤᠷ ᠠᠰᠢᠭᠯᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠳᠤ ᠳᠤᠷᠠᠲᠠᠢ ᠵᠣᠷᠢᠭ ᠰᠠᠨᠠᠭ᠎ᠠ ᠪᠠ ᠰᠦᠪᠡᠭᠴᠢᠯᠡᠨ ᠰᠡᠳᠬᠢᠬᠦ᠂ | ᠦᠢᠯᠡᠳᠦᠯᠭᠡᠵᠢᠭᠦᠯᠬᠦ ᠴᠢᠳᠠᠪᠤᠷᠢ ᠶᠢ ᠨᠢ ᠬᠥᠮᠥᠵᠢᠭᠦᠯᠦᠨ᠎ᠡ︔ ︽ᠬᠤᠶᠠᠷ ᠢ ᠬᠥᠩᠭᠡᠷᠡᠭᠦᠯᠬᠦ︾ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠤᠷᠭᠠᠭᠤᠯᠢ ᠳᠠᠪᠰᠢᠬᠤ | ᠰᠢᠯᠭᠠᠯᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ | ᠢᠷᠡᠭᠡᠳᠦᠢ ᠶᠢᠨ ᠠᠷᠪᠠᠨ ᠬᠡᠳᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠤᠷᠢᠳ ᠢᠶᠠᠷ | ᠣᠷᠭᠢᠯ ᠳᠤ ᠬᠦᠷᠴᠦ ᠳᠠᠷᠠᠭ᠎ᠠ ᠨᠢ ᠴᠥᠭᠡᠷᠡᠬᠦ︾ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ᠂ ᠰᠤᠷᠬᠤ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ | ᠤᠷᠢᠳᠠᠴᠢ ᠰᠤᠳᠤᠯᠭᠠᠨ ᠢᠶᠠᠨ ᠴᠢᠩᠭᠠᠳᠬᠠᠵᠤ᠂ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠯᠡᠵᠦ᠂ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠰᠤᠷᠭᠠᠨ ᠬᠥᠮᠦᠵᠢᠯ ᠤᠨ ᠶᠠᠮᠤᠨ ᠳᠤᠷᠠᠳᠪᠠ᠃ | ᠪᠠᠰᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠳᠤᠲᠠᠭᠳᠠᠯ ᠢ ᠨᠥᠬᠦᠪᠦᠷᠢᠯᠡᠵᠦ᠂ ᠣᠲᠣ ᠶᠢᠨ ᠪᠠᠶᠢᠭ᠎ᠠ ᠴᠢᠨᠠᠷ ᠰᠠᠶᠢᠲᠠᠢ ᠰᠤᠷᠭᠠᠭᠤᠯᠢ ᠶᠢᠨ | ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠪᠠᠨ ᠥᠷᠭᠡᠳᠬᠡᠬᠦ ᠶᠢ ᠠᠬᠢᠭᠤᠯᠤᠨ᠂ ᠴᠢᠨᠠᠷ ᠰᠠᠶᠢᠲᠠᠢ ᠰᠢᠨ᠎ᠡ ᠰᠤᠷᠭᠠᠭᠤᠯᠢ ᠶᠢᠨ ᠪᠤᠶᠢᠵᠢᠯᠲᠠ ᠶᠢ ᠲᠦᠷᠭᠡᠳᠬᠡᠵᠦ᠂ | ᠲᠣᠭᠠᠴᠢᠯᠠᠯᠲᠠ ᠶᠢᠨ ᠴᠢᠳᠠᠪᠤᠷᠢ ᠶᠢ ᠠᠰᠢᠭᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠤᠪᠢᠶᠠᠯᠴᠠᠬᠤ ᠶᠢ ᠠᠬᠢᠭᠤᠯᠤᠨ᠂ ᠬᠥᠳᠡᠭᠡ | ᠲᠣᠰᠬᠤᠨ ᠤ ᠰᠤᠷᠭᠠᠭᠤᠯᠢ ᠶᠢ ᠬᠠᠪᠰᠤᠷᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ᠂ ᠥᠨᠳᠥᠷ ᠲᠦᠪᠰᠢᠨ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠥᠮᠥᠵᠢᠭᠦᠯᠬᠦ | ᠬᠡᠪᠴᠢᠶ᠎ᠡ ᠶᠢ ᠥᠷᠭᠡᠳᠬᠡᠵᠦ᠂ ᠪᠠᠭᠰᠢ ᠶᠢᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠣᠯᠭᠤᠮᠵᠢ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠴᠠᠯᠢᠩ ᠣᠷᠣᠯᠭ᠎ᠠ ᠶᠢ ᠲᠤᠬᠠᠢ ᠶᠢᠨ ᠭᠠᠵᠠᠷ ᠤᠨ ᠠᠯᠪᠠᠲᠠᠨ ᠤ | ᠣᠯᠭᠤᠮᠵᠢ ᠶᠢ ᠳᠠᠭᠠᠵᠤ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠠᠭᠰᠢ ᠶᠢᠨ ᠴᠠᠯᠢᠩ ᠢ ᠴᠠᠭ | ᠲᠤᠬᠠᠢ ᠳᠤ ᠨᠢ ᠲᠤᠭ᠎ᠠ ᠶᠣᠰᠣ ᠪᠠᠷ ᠨᠢ ᠥᠭᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︽ᠪᠢᠳᠡ ᠦᠨᠳᠦᠰᠦᠨ ᠵᠦᠢᠯ ᠶᠢ ᠪᠠᠲᠤᠯᠠᠬᠤ᠂ ᠳᠤᠲᠠᠭᠳᠠᠯ ᠢ ᠨᠥᠬᠦᠪᠦᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠴᠤ᠂ ᠰᠤᠷᠭᠠᠨ ᠬᠥᠮᠦᠵᠢᠯ ᠤᠨ | ᠣᠷᠣᠭᠤᠯᠤᠯᠲᠠ ᠶᠢ ᠵᠢᠭᠠᠨ ᠰᠤᠷᠭᠠᠯᠲᠠ ᠪᠠ ᠪᠠᠭᠰᠢ ᠶᠢᠨ ᠡᠩᠨᠡᠭᠡ ᠵᠦᠭ ᠤᠯᠠᠮ ᠬᠡᠯᠪᠡᠶᠢᠯᠭᠡᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠵᠦᠭ | ᠬᠡᠯᠪᠡᠶᠢᠯᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠨ ᠲᠡᠩᠴᠡᠭᠦᠷᠢᠲᠡᠢ ᠬᠥᠭᠵᠢᠬᠦ ᠶᠢ ᠪᠦᠬᠦ ᠲᠠᠯ᠎ᠠ ᠪᠠᠷ ᠪᠠᠲᠤᠯᠠᠨ᠎ᠠ᠃︾ ᠭᠡᠵᠦ ᠲᠣᠰ | ᠬᠠᠷᠢᠭᠤᠴᠠᠯᠭᠠᠲᠠᠨ ᠬᠡᠯᠡᠪᠡ᠃ | | | | | | |