ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠠᠯ
ᠨᠡᠶᠢᠲᠡᠯᠡᠭᠰᠡᠨ ᠴᠠᠭ᠄
2024/3/19

       ◆ 3 ᠰᠠᠷ᠎ᠠ ᠶᠢᠨ 5 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ

ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ 96 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ

ᠬᠤᠰᠢᠭᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ᠃

      ◆ 3 ᠰᠠᠷ᠎ᠠ ᠶᠢᠨ 5 ᠤ ᠡᠳᠦᠷ᠂ ᠤᠷᠠᠳ ᠤᠨ ᠬᠤᠶᠢᠲᠤ ᠬᠤᠰᠢᠭᠤ ︽ᠯᠧᠢ ᠹᠧᠩ ᠠᠴᠠ ᠰᠤᠷᠤᠯᠴᠠᠵᠤ᠂ ᠪᠣᠯᠪᠠᠰᠤᠨ ᠢᠶᠠᠷ ᠥᠪᠡᠷ ᠢ ᠪᠠᠨ

ᠦᠢᠯᠡᠳᠦᠯᠭᠡᠵᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ

      ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠭᠠᠷᠭᠠᠭᠰᠠᠨ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ ᠤᠨ ᠦᠳᠡ ᠶᠢᠨ

ᠡᠮᠦᠨ᠎ᠡ᠂ ᠤᠷᠠᠳ ᠤᠨ ᠬᠤᠶᠢᠲᠤ ᠬᠤᠰᠢᠭᠤ 2024 ᠣᠨ ᠤ ︽ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯᠬᠦ︾ ᠭᠤᠣᠯ ᠰᠡᠳᠦᠪᠲᠦ

ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠪᠣᠯᠪᠠᠰᠤᠨ ᠬᠤᠲᠠ ᠶᠢ ᠴᠢᠷᠮᠠᠶᠢᠨ ᠪᠠᠶᠢᠭᠤᠯᠵᠤ ᠪᠣᠯᠪᠠᠰᠤᠨ ᠬᠤᠲᠠ ᠶᠢᠨ ᠠᠷᠠᠳ ᠤᠨ ᠬᠠᠮᠲᠤ ᠶᠢᠨ ᠭᠠᠷ ᠤᠨ

ᠦᠰᠦᠭ ᠵᠢᠷᠤᠬᠤ ᠠᠵᠢᠯᠯᠠᠭ᠎ᠠ ᠶᠢ ᠶᠠᠪᠤᠭᠳᠠᠭᠤᠯᠪᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ