ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠠᠯ
ᠨᠡᠶᠢᠲᠡᠯᠡᠭᠰᠡᠨ ᠴᠠᠭ᠄
2024/3/19

      3 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠶᠢᠨ ᠬᠥ᠋ ᠡᠨᠧᠷᠭᠢ ᠶᠢᠨ ᠪᠦᠯᠦᠭᠯᠡᠯ ᠺᠣᠮᠫᠠᠨᠢ ᠶᠢᠨ ᠳᠡᠳ᠋

ᠶᠡᠷᠦᠩᠬᠡᠢ ᠵᠠᠬᠢᠷᠤᠯ ᠰᠦᠨ ᠵᠤᠤ ᠨᠠᠷ ᠲᠠᠢ ᠠᠭᠤᠯᠵᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠤᠨ

ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃

      ᠬᠤᠷᠠᠯ ᠳᠡᠭᠡᠷ᠎ᠡ᠂ ᠰᠦᠨ ᠵᠤᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠲᠥᠯᠦᠪᠵᠢᠭᠦᠯᠭᠡ ᠵᠢᠴᠢ

ᠵᠣᠬᠢᠴᠠᠭᠤᠯᠬᠤ ᠴᠢᠬᠤᠯᠠᠲᠠᠢ ᠵᠦᠢᠯᠡᠰ ᠤᠨ ᠲᠤᠬᠠᠢ ᠰᠠᠨᠠᠯ ᠢᠶᠠᠨ ᠰᠣᠯᠢᠯᠴᠠᠨ ᠵᠣᠯᠭᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ

ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠤᠨ ᠲᠣᠭᠤᠷᠢᠨ ᠳᠤ

ᠨᠢᠭᠡᠳ ᠨᠢᠭᠡ ᠪᠠᠷ ᠬᠠᠷᠢᠭᠤ ᠲᠤᠰᠬᠠᠪᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ