ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2024/3/21

      ᠰᠤᠷᠪᠤᠯᠵᠢᠯᠠᠭᠴᠢ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠣᠨ ᠮᠡᠳᠡᠷᠡᠯ ᠤᠨ

ᠬᠦᠨᠳᠦ ᠡᠪᠡᠳᠴᠢᠨ ᠤ ᠳᠠᠭᠠᠳᠬᠠᠯ ᠳᠤ ᠣᠷᠣᠭᠰᠠᠳ ᠤᠨ ᠡᠪᠡᠳᠴᠢᠨ ᠦᠵᠡᠭᠦᠯᠵᠦ ᠡᠮ ᠵᠠᠯᠠᠬᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ

ᠲᠥᠯᠥᠭᠡ᠂ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ

ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠪᠠ᠃

      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠲᠣᠭᠲᠠᠭᠰᠠᠨ ᠡᠮ

ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠭᠠᠪᠠᠯ᠂ ᠨᠢᠭᠡ ᠵᠢᠯ ᠤᠨ ᠳᠣᠲᠣᠷ᠎ᠠ

ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠥᠯᠥᠬᠦ ᠪᠠᠷᠢᠮᠵᠢᠶ᠎ᠠ ᠨᠢ 300 ᠲᠥᠭᠦᠷᠢᠭ ᠪᠣᠯᠣᠨ᠎ᠠ᠃

ᠣᠨ ᠤ ᠥᠭᠬᠦ ᠬᠢᠵᠠᠭᠠᠷ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ

ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ ᠨᠡᠶᠢᠯᠡᠭᠦᠯᠦᠨ ᠪᠤᠳᠤᠵᠤ᠂ ᠨᠢᠭᠡ ᠵᠢᠯ ᠤᠨ ᠳᠣᠲᠣᠷᠠᠬᠢ ᠬᠠᠮᠤᠭ ᠥᠨᠳᠥᠷ ᠲᠥᠯᠥᠬᠦ ᠬᠢᠵᠠᠭᠠᠷ ᠨᠢ

30.5 ᠲᠦᠮᠡᠨ ᠲᠥᠭᠦᠷᠢᠭ ᠪᠣᠯᠣᠨ᠎ᠠ᠃ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠥᠨᠳᠥᠷ ᠬᠢᠵᠠᠭᠠᠷ ᠠᠴᠠ ᠳᠣᠷᠣᠭᠰᠢ᠂ ᠲᠥᠷᠥ ᠶᠢᠨ

ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠲᠥᠯᠥᠬᠦ ᠬᠠᠷᠢᠴᠠᠯ ᠨᠢ 90% ᠪᠣᠯᠣᠨ᠎ᠠ᠃

      ᠡᠭᠦᠨ ᠠᠴᠠ ᠭᠠᠳᠠᠨ᠎ᠠ᠂ ᠣᠶᠣᠨ ᠮᠡᠳᠡᠷᠡᠯ ᠤᠨ ᠬᠦᠨᠳᠦ ᠡᠪᠡᠳᠴᠢᠨ ᠤ ︵M02100︶ᠣᠯᠭᠤᠮᠵᠢ ᠶᠢ ᠭᠤᠶᠤᠴᠢᠯᠠᠨ ᠮᠡᠳᠡᠭᠦᠯᠵᠦ ᠦᠨᠡᠮᠰᠢᠭᠦᠯᠬᠦ ᠪᠠ

ᠡᠮᠴᠢᠯᠡᠬᠦ ᠲᠥᠰᠥᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ

ᠭᠦᠢᠴᠡᠳᠬᠡᠨ᠎ᠡ᠃ ᠣᠶᠣᠨ ᠮᠡᠳᠡᠷᠡᠯ ᠤᠨ ᠬᠦᠨᠳᠦ ᠡᠪᠡᠳᠴᠢᠨ ᠲᠠᠢ ᠳᠠᠭᠠᠳᠬᠠᠯ ᠳᠤ ᠣᠷᠣᠭᠰᠠᠳ ᠪᠤᠶᠤ ᠲᠡᠭᠦᠨ ᠤ ᠣᠷᠣᠯᠠᠨ ᠭᠦᠢᠴᠡᠳᠭᠡᠭᠴᠢ ᠨᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠣᠨ᠎ᠠ᠂

ᠮᠡᠳᠡᠭᠦᠯᠬᠦ ᠳᠤ ᠪᠠᠨ ᠣᠨᠣᠰᠢᠯᠠᠭᠰᠠᠨ ᠭᠡᠷᠡᠴᠢ ᠶᠢᠨ ᠡᠬᠡ ᠪᠢᠴᠢᠭ᠂ ᠮᠡᠳᠡᠭᠦᠯᠦᠭᠰᠡᠨ ᠡᠪᠡᠳᠴᠢᠨ ᠤ ᠲᠥᠷᠥᠯ ᠲᠠᠢ ᠬᠤᠯᠪᠣᠭᠳᠠᠭᠰᠠᠨ ᠡᠮᠨᠡᠯᠭᠡ ᠳᠤ ᠰᠠᠭᠤᠭᠰᠠᠨ

ᠡᠪᠡᠳᠴᠢᠨ ᠤ ᠪᠦᠷᠢᠨ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠬᠡᠷᠡᠭᠲᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ​