ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶᠢᠴᠢᠨ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/21

      3 ᠰᠠᠷ᠎ᠠ ᠶᠢᠨ 11᠎ ᠤ ᠡᠳᠦᠷ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ

ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ

ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ

ᠲᠠᠶᠢᠴᠢᠨ ᠬᠤᠷᠠᠯ ᠢ ᠡᠷᠭᠢᠯᠡᠪᠡ᠃

       ᠬᠤᠸᠠᠩ ᡁᠢ ᠴᠢᠶᠠᠩ᠂ ᠬᠠᠪᠤᠷ ᠤᠨ ᠤᠯᠠᠷᠢᠯ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠡᠭᠦᠰᠬᠦ ᠰᠢᠯᠲᠠᠭᠠᠨ ᠣᠯᠠᠨ᠂ ᠠᠶᠤᠯ

ᠲᠦᠭᠰᠢᠭᠦᠷᠢ ᠶᠡᠭᠡ ᠪᠠᠶᠢᠵᠤ᠂ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠳᠠᠭ᠃ ᠲᠦᠢᠮᠡᠷ ᠢ

ᠰᠡᠷᠭᠡᠶᠢᠯᠡᠨ ᠲᠦᠢᠮᠡᠷ ᠢ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠡᠷᠡᠭ ᠶᠠᠪᠤᠳᠠᠯ ᠢ

ᠬᠠᠮᠢᠶᠠᠷᠬᠤ ᠬᠥᠮᠥᠨ ᠲᠠᠢ᠂ ᠲᠦᠢᠮᠡᠷ ᠢ ᠰᠡᠷᠭᠡᠶᠢᠯᠡᠬᠦ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠠᠶᠢᠬᠤ ᠶᠢ ᠪᠡᠶᠡᠯᠡᠭᠦᠯᠵᠦ᠂ ︽ᠴᠠᠭ ᠢᠮᠠᠭᠲᠠ

ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ

ᠪᠣᠯᠭᠠᠨ ᠬᠤᠪᠢᠷᠠᠭᠤᠯᠬᠤ ᠬᠡᠷᠡᠭᠲᠡᠢ᠃ ︽ᠰᠡᠷᠭᠡᠶᠢᠯᠡᠬᠦ︾᠎ ᠶᠢ ᠲᠣᠪᠤᠶᠢᠯᠭᠠᠨ ᠰᠠᠶᠢᠲᠤᠷ ᠠᠳᠬᠤᠵᠤ᠂ ᠣᠨᠴᠠᠭᠠᠶᠢᠯᠠᠨ ᠬᠠᠩᠰᠢ᠂ ︽5 · 1︾ ᠵᠡᠷᠭᠡ ᠠᠶᠤᠯ ᠲᠦᠭᠰᠢᠭᠦᠷᠢ

ᠶᠡᠬᠡᠲᠡᠢ ᠴᠠᠭ ᠬᠤᠭᠤᠴᠠᠭ᠎ᠠ ᠶᠢ ᠲᠣᠪᠤᠶᠢᠯᠭᠠᠨ ᠰᠠᠶᠢᠲᠤᠷ ᠠᠳᠬᠤᠵᠤ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠬᠠᠮ ᠠᠷᠭ᠎ᠠ ᠬᠡᠮᠵᠢᠶ᠎ᠡ︾᠎ ᠶᠢ

ᠰᠠᠶᠢᠲᠤᠷ ᠠᠪᠴᠤ᠂ ᠠᠭᠤᠯᠠ ᠶᠢ ᠪᠠᠲᠤ ᠰᠠᠬᠢᠵᠤ᠂ ᠬᠥᠮᠥᠨ ᠢ ᠰᠠᠶᠢᠲᠤᠷ ᠬᠠᠷᠠᠵᠤ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠢ᠃ ︽ᠤᠨᠲᠠᠷᠠᠭᠠᠬᠤ︾᠎ ᠶᠢ ᠪᠦᠭᠦ

ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ

ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠥᠮᠥᠨ ᠤ ᠬᠦᠴᠦᠨ ᠢ ᠰᠢᠯᠢᠳᠡᠭᠵᠢᠭᠦᠯᠵᠦ᠂ ᠲᠦᠢᠮᠡᠷ ᠢ ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂

︽ᠡᠷᠲᠡ ᠤᠨᠲᠠᠷᠠᠭᠠᠬᠤ᠂ ᠪᠠᠭ᠎ᠠ ᠳᠤᠨᠢ ᠤᠨᠲᠠᠷᠠᠭᠠᠬᠤ᠂ ᠤᠨᠲᠠᠷᠠᠭᠠᠵᠤ ᠳᠡᠶᠢᠯᠭᠦ︾᠎ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ

ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ