ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠬᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠠᠵᠢᠯ ᠶᠠᠪᠤᠳᠠᠯ ᠬᠢᠵᠦ ᠦᠢᠯᠡᠰ ᠪᠣᠰᠬᠠᠬᠤ ᠡᠷᠴᠢ ᠵᠣᠷᠢᠭ ᠢᠶᠠᠨ ᠬᠥᠪᠴᠢᠯᠡᠪᠡ ᠪᠠᠢ ᠴᠢᠩ ᠶᠤᠸᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/21

      3 ᠳ᠋ᠤᠭᠠᠷ ᠰᠠᠷ᠎ᠠ ᠶᠢᠨ 14᠎ ᠤ ᠡᠳᠦᠷ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠬᠤᠷᠠᠯ ᠬᠤᠷᠠᠯᠳᠤᠭᠤᠯᠵᠤ

ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠡᠷᠬᠢᠯᠡᠭᠴᠢ

ᠭᠡᠰᠢᠭᠦᠨ ᠪᠠᠢ ᠴᠢᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠪᠠᠢ ᠴᠢᠩ ᠶᠤᠸᠠᠨ ᠬᠡᠯᠡᠬᠦ ᠳᠤ ᠪᠠᠨ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂

︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ

ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ ᠳᠤ ᠪᠠᠨ ᠨᠠᠶᠢᠳᠠᠪᠤᠷᠢᠵᠢᠭᠤᠯᠵᠤ᠂

ᠲᠠᠶᠢᠸᠠᠨ ᠤ ᠠᠵᠢᠯ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠵᠡᠷᠭᠡ ᠬᠦᠷᠢᠶᠡᠨ ᠳᠤ ᠦᠨᠡᠨ ᠬᠦ ᠠᠳᠬᠤᠨ ᠪᠣᠳᠠᠲᠠᠢ ᠠᠵᠢᠯᠯᠠᠵᠤ᠂

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠡᠭᠦᠷᠭᠡ ᠪᠠᠨ ᠦᠨᠡᠨ ᠬᠦ ᠰᠠᠶᠢᠲᠤᠷ ᠭᠦᠢᠴᠡᠳᠬᠡᠵᠦ

᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ