| ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠬᠦ ᠪᠠᠷ ᠪᠤᠢ᠃ | ᠵᠢᠷᠭᠤᠭᠠᠨ ᠲᠤᠰᠬᠠᠢ ᠠᠵᠢᠯᠯᠠᠭ᠎ᠠ ᠨᠢ ᠲᠣᠰ ᠲᠣᠰ᠄ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢ ᠠᠬᠢᠭᠤᠯᠬᠤ | ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨᠴᠡᠪᠡᠷᠯᠡᠨ | ᠴᠡᠭᠴᠡᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ ᠤᠬᠠᠮᠰᠠᠷ ᠢ | ᠨᠡᠮᠡᠭᠳᠡᠭᠦᠯᠦᠨ᠎ᠡ︔ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠠᠵᠢᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠠᠵᠢᠯ ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠶᠢᠨ ᠲᠠᠩᠰᠠ | ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠦᠨᠡᠨᠴᠢ | ᠢᠲᠡᠭᠡᠮᠵᠢᠲᠡᠢ ᠪᠠᠷ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠬᠥᠳᠡᠯᠮᠦᠷᠢ ᠶᠢᠨ ᠬᠦᠴᠦᠨ ᠢ ᠬᠡᠷᠡᠭᠯᠡᠬᠦ ᠬᠦᠷᠢᠶᠡᠨ ᠳᠠᠬᠢ | ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠭᠡᠷ᠎ᠡ ᠠᠴᠠ ᠵᠥᠷᠢᠴᠡᠬᠦ᠂ ᠴᠠᠯᠢᠩ ᠥᠷᠢᠲᠦᠬᠦ ᠵᠡᠷᠭᠡ ᠬᠠᠤᠯᠢ ᠠᠴᠠ | ᠵᠥᠷᠢᠴᠡᠨ ᠠᠵᠢᠯᠴᠢᠨ ᠬᠡᠷᠡᠭᠯᠡᠬᠦ ᠠᠵᠢᠯᠯᠠᠭ᠎ᠠ ᠨᠤᠭᠤᠳ ᠲᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠦᠨᠡᠨᠴᠢ | ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢ ᠪᠠᠶᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ ᠬᠢᠵᠠᠭᠠᠷᠯᠠᠬᠤ᠂ | ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ︔ ᠨᠡᠶᠢᠭᠡᠮ ᠤᠨ | ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠠᠭᠠᠳᠬᠠᠯ ᠮᠡᠬᠡᠯᠡᠬᠦ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠣᠯᠠᠨ ᠬᠡᠯᠪᠡᠷᠢ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠮᠡᠬᠡᠯᠡᠨ ᠬᠢᠬᠠᠬᠤ ᠶᠢ | ᠡᠰᠡᠷᠭᠦᠴᠡᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠪᠠᠨ ᠬᠠᠮᠠᠭᠠᠯᠠᠬᠤ | ᠮᠥᠩᠭᠦ︾ ᠶᠢ ᠰᠠᠶᠢᠲᠤᠷ ᠰᠠᠬᠢᠨ ᠬᠠᠮᠠᠭᠠᠯᠠᠨ᠎ᠠ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠦᠨᠡᠨᠴᠢ ᠢᠲᠡᠭᠡᠮᠵᠢ ᠶᠢ | ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ | ᠳᠡᠰ ᠤᠨ ᠦᠨᠡᠯᠡᠯᠲᠡ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ | ᠢᠲᠡᠭᠡᠯ ᠠᠯᠳᠠᠪᠠᠯ ᠤᠬᠤᠷᠢᠨ ᠭᠠᠷᠬᠤ ᠲᠣᠭᠲᠠᠴᠠ ᠶᠢ ᠲᠣᠳᠣᠷᠬᠠᠶᠢᠯᠠᠨ᠂ ᠢᠲᠡᠭᠡᠮᠵᠢ ᠶᠢᠨ ᠲᠠᠰ ᠬᠤᠪᠢᠶᠠᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠠᠮᠠᠯᠠᠯᠲᠠ ᠪᠠᠨ ᠭᠦᠢᠴᠡᠳᠬᠡᠵᠦ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠤᠨ᠂ ᠠᠵᠢᠯ ᠲᠥᠷᠥᠯ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠠᠯᠠᠯᠲᠠ ᠪᠠᠨ ᠪᠣᠳᠠᠲᠠᠢ ᠪᠠᠷ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠡᠶᠢᠲᠡ ᠳᠤ ᠢᠲᠡᠭᠡᠭᠦᠯᠬᠦ | ᠬᠦᠴᠦᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠢᠯᠡᠷᠬᠡᠶᠢᠯᠡᠬᠦ ᠳᠤ ᠪᠠᠨ᠂ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ | ᠬᠢ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠯᠢ ᠣᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ | ᠪᠠᠷᠢᠯ ᠢᠶᠠᠷ ᠳᠠᠮᠵᠢᠭᠤᠯᠤᠨ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ | ᠳᠦᠷᠢ ᠲᠥᠷᠬᠦ ᠶᠢ ᠪᠣᠶ ᠪᠣᠯᠭᠠᠨ᠎ᠠ ᠭᠡᠵᠡᠢ᠃ | | | |