ᠸᠠᠩ ᠶᠢᠨ ᠪᠦᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 112 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22

 

      3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ

ᠬᠤᠷᠢᠶᠠᠨ ᠤ ᠪᠠᠶᠢᠩᠭᠤ ᠶᠢᠨ ᠬᠤᠷᠢᠶᠠᠨ ᠤ 112 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠡᠴᠡᠩᠭᠤᠸ᠎ᠠ ᠬᠤᠷᠠᠯ ᠳᠤ ᠰᠤᠯᠠ ᠣᠷᠣᠯᠴᠠᠪᠠ᠃

      ᠬᠤᠷᠠᠯ ᠠᠴᠠ ᠰᠦᠨ ᠱᠤᠤ ᠴᠧᠩ ᠨᠥᠬᠦᠷ ᠤᠨ ᠠᠶᠢᠮᠠᠭ ᠬᠤᠳᠠ ᠶᠢᠨ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ᠂ ᠥᠪᠥᠷ

ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ

ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ᠃ ᠾᠧ ᠸᠧᠢ ᠬᠤᠸᠠ ᠨᠥᠬᠦᠷ ᠤᠨ ᠪᠦᠬᠦ ᠬᠤᠳᠠ ᠶᠢᠨ

ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠶᠡᠭᠡ ᠬᠤᠷᠠᠯ ᠳᠡᠭᠡᠷ᠎ᠡ ᠬᠡᠯᠡᠭᠰᠡᠨ ᠦᠭᠡ ᠪᠣᠯᠣᠨ᠎ᠠ᠃

      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ

ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ

ᠠᠵᠢᠯ ᠤᠨ ᠬᠤᠪᠢᠶᠠᠷᠢᠯᠠᠯ ᠤᠨ ᠲᠥᠰᠥᠯ︾  ᠢ ᠬᠢᠨᠠᠨ ᠵᠥᠪᠯᠡᠵᠡᠢ᠃ ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾  ᠤᠨ ᠳᠣᠲᠣᠷᠠᠬᠢ

ᠨᠢᠭᠡ ᠵᠦᠢᠯ ᠪᠣᠯᠣᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠤᠢ ᠪᠣᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠬᠤᠰᠢᠭᠤᠨ ᠨᠠᠮ ᠤᠨ ᠬᠤᠷᠢᠶᠠᠨ ᠤ ᠠᠯᠪᠠᠨ ᠭᠡᠷ ︽

ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ ᠰᠢᠢᠳᠪᠦᠷᠢᠲᠦ ᠪᠣᠳᠣᠯᠭ᠎ᠠ ᠶᠢᠨ ᠰᠤᠳᠤᠯᠭᠠᠨ ᠬᠢᠬᠦ᠂ ᠰᠢᠪᠠᠳᠠᠨ

ᠨᠠᠶᠢᠳᠠᠪᠤᠷᠢᠵᠢᠭᠤᠯᠬᠤ᠂ ᠵᠢᠯ ᠤᠨ ᠡᠬᠢᠨ ᠳᠤ ᠲᠣᠬᠢᠷᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠢᠯ ᠤᠨ ᠡᠴᠦᠰ ᠲᠤ ᠪᠠᠶᠢᠴᠠᠭᠠᠬᠤ︾

ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠰᠢᠮᠳᠠᠭᠤᠯᠤᠨ

ᠪᠠᠶᠢᠴᠠᠭᠠᠬᠤ ᠶᠢ ᠰᠠᠶᠢᠲᠤᠷ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠰᠢᠭᠤᠨ ᠤ

ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠦᠨᠳᠦᠰᠦᠲᠡᠨ ᠤ ᠠᠵᠢᠯ ᠲᠠᠢ ᠤᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠴᠢᠩᠭ᠎ᠠ ᠲᠤᠤᠱᠯᠠᠭᠤᠯᠬᠤ ᠡᠭᠦᠷᠭᠡ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠵᠤ᠂ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠮᠠᠨ ᠤ

ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠤᠢ ᠪᠣᠯᠭᠠᠬᠤ ᠡᠨᠡᠬᠦ ᠠᠵᠢᠯ ᠢ ᠪᠦᠭᠦ

ᠬᠤᠲᠠ ᠶᠢᠨ ᠡᠮᠦᠨ᠎ᠡ ᠡᠩᠨᠡᠭᠡᠨ ᠳᠤ ᠲᠠᠯᠪᠢᠬᠤ ᠬᠡᠷᠡᠭᠲᠡᠢ᠃

      ᠬᠤᠷᠠᠯ ᠠᠴᠠ ︽ᠤᠷᠠᠳ ᠤᠨ ᠬᠤᠶᠢᠲᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ᠂

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠰᠠᠨᠠᠯ ᠶᠣᠰᠣᠭᠠᠷ ᠰᠠᠯᠠᠭ᠎ᠠ ᠮᠥᠴᠢᠷ ᠢᠶᠠᠨ ᠬᠤᠪᠢᠷᠠᠭᠤᠯᠬᠤ᠂ ︽ᠭᠤᠷᠪᠠ ᠶᠢ ᠲᠣᠭᠲᠠᠭᠠᠬᠤ︾

ᠲᠥᠰᠥᠯ ᠢ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠢᠯᠠᠩᠭᠤᠶ᠎ᠠ ᠰᠤᠮᠤ ᠪᠠᠯᠭᠠᠰᠤ ᠶᠢᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ

ᠤᠬᠠᠭᠠᠨᠴᠢ ᠪᠠᠷ ᠪᠠᠶᠢᠭᠤᠯᠤᠮᠵᠢ ᠪᠠᠨ ᠪᠠᠶᠢᠷᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠢᠳᠡᠪᠬᠢᠲᠡᠢ ᠪᠠᠷ ᠬᠠᠮᠵᠢᠯᠴᠠᠵᠤ

᠂ ᠥᠭᠡᠷᠡᠴᠢᠯᠡᠯᠲᠡ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠬᠡᠨ ᠪᠡᠶᠡᠯᠡᠭᠦᠯᠬᠦ ᠬᠡᠷᠡᠭᠲᠡᠢ᠃

      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ