ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 21 ᠤ ᠴᠠᠭᠢᠯᠭᠠᠨ ᠮᠡᠳᠡᠭᠡ 3 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠫᠦᠷᠠᠪᠤᠸᠣ᠋·ᠰᠦᠪᠢᠶᠠᠨᠳᠦ᠋ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ᠃ ᠬᠤᠶᠠᠷ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ᠂ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ | ᠪᠠᠬᠢᠵᠢᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ | ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ | ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠫᠦᠷᠠᠪᠤᠸᠣ᠋ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ | ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠬᠤᠭᠤᠷᠣᠨᠳᠤ ᠪᠠᠨ ᠬᠤᠪᠢ ᠵᠠᠶᠠᠭ᠎ᠠ ᠪᠠᠨ ᠬᠠᠮᠲᠤᠳᠬᠠᠭᠰᠠᠨ᠂ | ᠪᠦᠯᠬᠦᠮᠳᠡᠨ ᠬᠠᠮᠵᠢᠯᠴᠠᠭᠰᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠬᠡᠪ ᠳᠠᠭᠤᠷᠢᠶᠠᠯ ᠢ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠤᠯᠠᠨ ᠪᠤᠶᠠᠨ ᠦᠢᠯᠡᠳᠴᠦ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | | | |