| 3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ᠃ | | | | | | 3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ᠃ ᠵᠢᠷᠤᠭ ᠪᠣᠯ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ ᠶᠣᠰᠣᠯᠠᠯ | ᠶᠠᠪᠤᠭᠤᠯᠵᠤ ᠪᠠᠶᠢᠭ᠎ᠠ ᠨᠢ᠃ | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ᠂ ᠡᠨᠡ ᠵᠢᠯ ᠤᠨ 1 ᠰᠠᠷ᠎ᠠ ᠳᠤ ᠨᠠᠦ᠋ᠷᠦ᠋ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ | ᠬᠠᠷᠢᠯᠴᠠᠭ᠎ᠠ ᠪᠠᠨ ᠰᠡᠷᠭᠦᠭᠡᠬᠦ ᠤᠯᠤᠰ ᠲᠥᠷᠥ ᠶᠢᠨ ᠰᠢᠢᠳᠪᠦᠷᠢ ᠭᠠᠷᠭᠠᠪᠠ᠂ ᠡᠨᠡ ᠪᠣᠯ ᠲᠡᠦᠬᠡ ᠶᠢᠨ ᠶᠡᠭᠡ ᠬᠠᠨᠳᠤᠰᠢ ᠳᠤ ᠨᠡᠶᠢᠴᠡᠵᠦ᠂ ᠴᠠᠭ ᠦᠶ᠎ᠡ ᠶᠢᠨ | ᠤᠷᠤᠰᠬᠠᠯ ᠳᠤ ᠨᠡᠶᠢᠴᠡᠭᠰᠡᠨ ᠠᠷᠭ᠎ᠠ ᠬᠡᠮᠵᠢᠶ᠎ᠡ ᠮᠥᠨ᠃ ᠨᠥᠬᠦᠷᠯᠡᠯ ᠢ ᠤᠷᠢᠳ ᠬᠤᠵᠢᠳ ᠭᠡᠵᠦ ᠢᠯᠭᠠᠬᠤ ᠦᠭᠡᠢ᠂ ᠡᠬᠢᠯᠡᠭᠦᠯᠳᠡᠭ ᠯᠡ ᠶᠤᠮ ᠪᠣᠯ ᠳᠠᠷᠤᠢ ᠭᠡᠭᠡᠨ | ᠰᠠᠷᠠᠭᠤᠯ ᠢᠷᠡᠭᠡᠳᠦᠢ ᠲᠠᠢ ᠪᠤᠯᠬᠤ ᠶᠤᠮ᠃ ᠬᠠᠮᠲᠤᠷᠠᠯᠴᠠᠭ᠎ᠠ ᠳᠤ ᠶᠡᠭᠡ ᠪᠠᠭ᠎ᠠ ᠭᠡᠵᠦ ᠢᠯᠭᠠᠬᠤ ᠦᠭᠡᠢ᠂ ᠦᠨᠡᠨᠴᠢ ᠪᠠᠶᠢᠳᠠᠭ ᠯᠠ ᠶᠤᠮ ᠪᠣᠯ ᠡᠯᠪᠡᠭ ᠪᠠᠶᠠᠯᠢᠭ ᠦᠷ᠎ᠡ | ᠪᠦᠲᠦᠭᠡᠯ ᠲᠠᠢ ᠪᠤᠯᠬᠤ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠨᠢᠭᠡᠨᠲᠡ ᠰᠢᠨ᠎ᠡ ᠲᠡᠦᠬᠡ ᠶᠢᠨ ᠬᠠᠭᠤᠳᠠᠰᠤ ᠶᠢ ᠰᠡᠬᠦᠭᠰᠡᠨ ᠪᠠᠶᠢᠨ᠎ᠠ᠃ ᠳᠤᠮᠳᠠᠳᠤ ᠤᠯᠤᠰ | ᠳᠤᠷᠠᠲᠠᠶ᠎ᠠ ᠨᠠᠦ᠋ᠷᠦ᠋ ᠶᠢᠨ ᠬᠢᠨ ᠲᠠᠢ ᠬᠠᠮᠲᠤ ᠪᠠᠷ᠂ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠪᠤᠰᠤᠳ ᠲᠤ ᠡᠷᠬᠡ ᠲᠡᠭᠰᠢ ᠪᠠᠷ ᠬᠠᠨᠳᠤᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠢᠯᠡ ᠲᠣᠳᠣ ᠵᠠᠩ ᠰᠤᠷᠲᠠᠯ ᠮᠥᠨ᠃ | ᠤᠯᠤᠰ ᠣᠷᠣᠨ ᠶᠡᠭᠡ ᠪᠠᠭ᠎ᠠ᠂ ᠬᠦᠴᠦᠷᠬᠡᠭ ᠪᠠᠭᠤᠷᠠᠢ᠂ ᠶᠠᠳᠠᠭᠤ ᠪᠠᠶᠠᠨ ᠤ ᠢᠯᠭᠠᠯ ᠦᠭᠡᠢ ᠴᠥᠮ ᠳᠡᠯᠡᠬᠡᠢ ᠨᠡᠶᠢᠭᠡᠮ ᠤᠨ ᠡᠷᠬᠡ ᠲᠡᠭᠰᠢ ᠪᠦᠷᠢᠯᠳᠦᠭᠦᠨ ᠪᠤᠯᠬᠤ ᠶᠢ | ᠳᠤᠮᠳᠠᠳᠤ ᠤᠯᠤᠰ ᠢᠮᠠᠭᠲᠠ ᠵᠣᠷᠢᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠪᠣᠯ ᠢᠮᠠᠭᠲᠠ ᠬᠥᠭᠵᠢᠵᠦ ᠪᠠᠶᠢᠭ᠎ᠠ ᠤᠯᠤᠰ ᠤᠨ ᠪᠦᠷᠢᠯᠳᠦᠭᠦᠨ ᠮᠥᠨ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠲᠤᠮᠳᠠᠳᠤ ᠤᠯᠤᠰ ᠤᠨ ᠡᠨᠡ ᠬᠦ ᠪᠢᠯᠧᠲ ᠨᠢ ᠥᠨᠢ ᠡᠭᠦᠷᠢᠳᠡ ᠬᠥᠭᠵᠢᠵᠦ ᠪᠠᠶᠢᠭ᠎ᠠ | ᠤᠯᠤᠰ ᠤᠨ ᠬᠢ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠪᠣᠯ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠳᠡᠮᠵᠢᠬᠦ | ᠬᠠᠷᠢᠴᠠᠭ᠎ᠠ ᠪᠣᠯᠣᠨ᠎ᠠ᠃ ᠳᠤᠮᠳᠠᠳᠤ ᠤᠯᠤᠰ ᠨᠠᠦ᠋ᠷᠦ᠋ ᠶᠢᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ | ᠡᠷᠡᠰ ᠳᠡᠮᠵᠢᠵᠦ᠂ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠡᠷᠡᠰ ᠳᠡᠮᠵᠢᠵᠦ᠂ ᠳᠤᠷᠠᠲᠠᠶ᠎ᠠ ᠨᠠᠦ᠋ᠷᠦ᠋ ᠶᠢᠨ ᠬᠢᠨ ᠲᠠᠢ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠰᠣᠯᠢᠯᠴᠠᠭ᠎ᠠ ᠶᠠᠷᠢᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠ | ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠪᠠᠲᠤᠳᠬᠠᠨ᠎ᠠ ᠭᠡᠵᠦ | ᠴᠢᠬᠤᠯᠠᠴᠢᠯᠠᠪᠠ᠃ | | ᠰᠢ ᠶᠢᠨ ᠫᠢᠩ᠂ ᠨᠠᠦ᠋ᠷᠦ᠋ ᠶᠢᠨ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠪᠠᠰᠠ ᠨᠢᠭᠡᠨ ᠤᠯᠤᠰ ᠪᠣᠯᠤᠭᠰᠠᠨ ᠢ ᠳᠤᠮᠳᠠᠳᠤ ᠤᠯᠤᠰ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ | ᠨᠠᠦ᠋ᠷᠦ᠋ ᠶᠢᠨ ᠬᠢᠨ ᠲᠠᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠬᠦ ᠶᠢᠨ ᠵᠡᠷᠭᠡ ᠪᠠᠷ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠤᠯᠤᠰ | ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠲᠤᠰᠠᠯᠠᠮᠵᠢ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ | ᠵᠠᠯᠠᠭᠤᠴᠤᠳ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠨᠠᠦ᠋ᠷᠦ᠋ ᠶᠢᠨ ᠨᠡᠩ ᠤᠯᠠᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ | ᠰᠤᠷᠤᠯᠴᠠᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠡᠮᠦᠨᠡᠲᠦ ᠡᠮᠦᠨᠡᠲᠦ ᠶᠢᠨ ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠳᠣᠲᠣᠷ᠎ᠠ ᠨᠠᠦ᠋ᠷᠦ᠋ ᠳᠤ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠰᠠᠯᠠᠮᠵᠢ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯ᠎ᠠ ᠶᠢᠨ ᠬᠦᠷᠢᠶᠡᠨ ᠳᠠᠬᠢ ᠣᠯᠣᠯᠴᠠᠭ᠎ᠠ ᠪᠠ | ᠵᠣᠬᠢᠴᠠᠭᠤᠯᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠰᠢᠷᠠᠬᠤ ᠪᠠ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠵᠢᠭᠠᠵᠤ ᠭᠠᠷᠭᠠᠪᠠ᠃ | | ᠠᠳᠢ᠊ · ᠠᠩ᠂ ᠤᠷᠢᠯᠭ᠎ᠠ ᠪᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠳᠤᠮᠳᠠᠳᠤ ᠤᠯᠤᠰ ᠤᠨ ᠥᠨᠢ ᠤᠳᠠᠭᠠᠨ ᠲᠡᠦᠬᠡ᠂ | ᠭᠡᠷᠡᠯ ᠰᠠᠴᠤᠷᠠᠩᠭᠤᠢ ᠰᠣᠶᠣᠯ ᠪᠣᠯᠣᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠭᠵᠢᠯᠲᠡ ᠶᠢ ᠣᠶᠢᠯᠠᠭᠠᠬᠤ ᠪᠣᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ | ᠪᠠᠶᠢᠨ᠎ᠠ᠃ ᠲᠦᠷᠦᠭᠦᠬᠡᠨ ᠨᠠᠦ᠋ᠷᠦ᠋ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠮᠡᠳᠡᠷᠡᠬᠦ ᠪᠠ ᠪᠠᠷᠢᠮᠲᠠᠯᠠᠭᠰᠠᠨ ᠰᠠᠭᠤᠷᠢᠨ | ᠳᠡᠭᠡᠷ᠎ᠡ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠬᠦ ᠪᠠᠷ ᠲᠣᠭᠲᠠᠪᠠ᠂ ᠡᠨᠡ ᠪᠣᠯ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠴᠢᠬᠤᠯᠠ | ᠬᠥᠰᠢᠶ᠎ᠡ ᠲᠡᠮᠳᠡᠭ ᠪᠠᠶᠢᠵᠤ᠂ ᠨᠠᠦ᠋ᠷᠦ᠋ ᠶᠢᠨ ᠤᠯᠤᠰ ᠤᠨ ᠬᠥᠭᠵᠢᠯᠲᠡ ᠪᠣᠯᠣᠨ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃ | ᠨᠠᠦ᠋ᠷᠦ᠋ ᠶᠢᠨ ᠬᠢᠨ ᠳᠤᠮᠳᠠᠳᠤ ᠤᠯᠤᠰ ᠶᠡᠭᠡ ᠪᠠᠭ᠎ᠠ ᠤᠯᠤᠰ ᠪᠦᠭᠦᠨ ᠡᠷᠬᠡ ᠲᠡᠭᠰᠢ ᠪᠠᠶᠢᠬᠤ ᠶᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢ ᠳᠡᠭᠡᠳᠦ ᠬᠡᠮᠵᠢᠶ᠎ᠡ ᠪᠠᠷ | ᠮᠠᠭᠲᠠᠨ ᠰᠠᠶᠢᠰᠢᠶᠠᠵᠤ᠂ ᠳᠤᠷᠠᠲᠠᠶ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠳᠡ | ᠦᠭᠡᠢ ᠭᠦᠨᠵᠡᠭᠡᠶᠢᠷᠡᠭᠦᠯᠵᠦ᠂ ᠨᠠᠦ᠋ᠷᠦ᠋ ᠳᠤᠮᠳᠠᠳᠤ ᠶᠢᠨ ᠬᠠᠷᠢᠯᠴᠠᠭ᠎ᠠ ᠪᠠᠨ ᠰᠡᠷᠭᠦᠭᠡᠬᠦ ᠪᠠᠷ ᠴᠢᠬᠤᠯᠠ ᠠᠵᠠ ᠲᠣᠭᠢᠶᠠᠯ ᠪᠤᠯᠭᠠᠵᠤ᠂ ᠳᠤᠮᠳᠠᠳᠤ ᠤᠯᠤᠰ ᠯᠤᠭ᠎ᠠ | ᠬᠠᠷᠢᠯᠴᠠᠨ ᠭᠦᠨᠳᠦᠳᠭᠡᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠥᠮᠥᠰ ᠤᠨ ᠶᠠᠪᠤᠯᠴᠠᠭ᠎ᠠ ᠪᠣᠯᠣᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠡᠯᠪᠡᠭ ᠦᠷ᠎ᠡ ᠪᠦᠲᠦᠭᠡᠯ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ | ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠣᠳᠣᠬᠠᠨ ᠤ ᠳᠡᠯᠡᠬᠡᠢ ᠶᠢᠷᠲᠢᠨᠴᠦ ᠳᠤ ᠳᠡᠯᠡᠬᠡᠢ ᠶᠢᠨ ᠴᠢᠨᠠᠷᠲᠠᠢ ᠮᠠᠰᠢ ᠤᠯᠠᠨ ᠥᠷᠢᠰᠦᠯᠳᠦᠭᠡᠨ ᠲᠤᠯᠭᠠᠷᠠᠵᠤ | ᠪᠠᠶᠢᠨ᠎ᠠ᠂ ᠭᠠᠭᠴᠠ ᠬᠦ ᠪᠦᠯᠬᠦᠮᠳᠡᠯ ᠪᠠ ᠬᠠᠮᠲᠤᠷᠠᠯᠴᠠᠭ᠎ᠠ ᠲᠠᠢ ᠪᠠᠶᠢᠪᠠᠯ ᠰᠠᠶ᠋ᠢ ᠬᠥᠮᠥᠨ ᠲᠥᠷᠥᠯᠬᠢᠲᠡᠨ ᠤ ᠬᠠᠮᠲᠤ ᠶᠢᠨ ᠲᠠᠪᠰᠢᠯᠳᠡ ᠪᠠ ᠴᠡᠴᠡᠭᠯᠡᠯᠲᠡ ᠶᠢ | ᠪᠡᠶᠡᠯᠡᠭᠦᠯᠵᠦ ᠴᠢᠳᠠᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠨᠢ ᠴᠢᠬᠤᠯᠠ ᠠᠴᠢ ᠬᠤᠯᠪᠣᠭᠳᠠᠯ ᠲᠠᠢ | ᠶᠤᠮ᠃ ᠨᠠᠦ᠋ᠷᠦ᠋ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠬᠠᠢ ᠬᠠᠮᠲᠤᠷᠠᠯᠴᠠᠭ᠎ᠠ ᠪᠠᠨ | ᠴᠢᠩᠭᠠᠳᠬᠠᠨ᠎ᠠ ᠭᠡᠵᠦ ᠢᠯᠡᠳᠬᠡᠪᠡ᠃ | | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠡᠢ᠃ | | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠨᠠᠦ᠋ᠷᠦ᠋ ᠤᠯᠤᠰ ᠤᠨ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ | ᠶᠣᠰᠣᠯᠠᠯ ᠶᠠᠪᠤᠭᠤᠯᠵᠠᠢ᠃ | | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠨᠠᠦ᠋ᠷᠦ᠋ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠠᠳᠢ᠊ · ᠠᠩ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠠᠳᠢ᠊ · ᠠᠩ ᠢ ᠤᠭᠲᠤᠬᠤ ᠳᠠᠶᠢᠯᠠᠯᠭ᠎ᠠ | ᠬᠢᠪᠡ᠃ | | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |