ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 10 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/3/27

      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 10 ᠵᠦᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂

ᠲᠠᠪᠴᠠᠩ ᠤᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠪᠠᠶᠢᠭᠤᠯᠬᠤ ᠶᠢ ᠠᠬᠢᠭᠤᠯᠤᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠳᠤ ᠪᠦᠭᠦ

ᠲᠠᠯ᠎ᠠ ᠶᠢᠨ ᠬᠠᠶᠢᠷ᠎ᠠ ᠬᠠᠯᠠᠮᠵᠢ᠂ ᠦᠨᠡᠨ ᠪᠣᠳᠠᠲᠠᠢ ᠦᠢᠯᠡᠴᠢᠯᠡᠭᠡ ᠶᠢ ᠬᠦᠷᠲᠡᠭᠡᠪᠡ᠃

      ᠡᠨᠡ 10 ᠵᠦᠢᠯ ᠤᠨ ᠠᠷᠭ᠎ᠠ ᠬᠡᠮᠵᠢᠶ᠎ᠡ ᠨᠢ ᠵᠠᠷᠤᠳᠠᠯ ᠤᠨ ᠳᠡᠮᠵᠢᠯᠭᠡ ᠶᠢ ᠨᠡᠮᠡᠭᠳᠡᠭᠦᠯᠬᠦ᠂ ᠤᠷ᠎ᠠ ᠮᠡᠷᠭᠡᠵᠢᠯ ᠢ ᠳᠡᠭᠡᠭᠰᠢᠯᠡᠭᠦᠯᠭᠦ᠂ ᠡᠷᠳᠡᠮ ᠮᠡᠳᠡᠯᠭᠡ ᠰᠤᠷᠴᠤ

ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦᠨ ᠨᠡᠮᠡᠷᠢᠯᠡᠬᠦ᠂ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠬᠤ᠂ ᠡᠮᠴᠢᠯᠡᠭᠡ ᠠᠮᠠᠷᠠᠯᠲᠠ ᠶᠢᠨ

ᠦᠢᠯᠡᠴᠢᠯᠡᠭᠡ ᠶᠢ ᠵᠣᠬᠢᠶᠠᠨ ᠪᠠᠶᠢᠭᠤᠯᠬᠤ᠂ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ᠂ ᠨᠡᠶᠢᠲᠡᠯᠢᠭ ᠵᠢᠱᠢᠶ᠎ᠡ

ᠰᠣᠩᠭᠤᠬᠤ ᠣᠷᠣᠨ ᠲᠤᠭ᠎ᠠ ᠶᠢ ᠬᠡᠯᠪᠡᠶᠢᠯᠭᠡᠬᠦ᠂ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢ ᠬᠠᠪᠰᠤᠷᠬᠤ ᠦᠢᠯᠡᠴᠢᠯᠡᠭᠡ ᠶᠢ ᠥᠷᠨᠢᠭᠦᠯᠬᠦ᠂ ᠠᠵᠢᠯᠴᠢᠨ ᠤ

ᠡᠪᠯᠡᠯ ᠳᠤ ᠣᠷᠣᠬᠤ ᠪᠡᠯᠡᠭ ᠲᠠᠷᠬᠠᠭᠠᠬᠤ ᠵᠡᠷᠭᠡ ᠪᠣᠯᠣᠨ᠎ᠠ᠃

      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠲᠤᠰᠬᠠᠢ ᠲᠦᠷᠦᠯ ᠤᠨ ᠪᠡᠯᠡ ᠮᠥᠩᠭᠦ ᠲᠣᠬᠢᠷᠠᠭᠤᠯᠤᠨ᠂ ᠠᠵᠤ

ᠠᠬᠤᠶᠢᠯᠠᠯ ᠤᠨ ᠠᠵᠢᠯᠴᠢᠨ ᠤ ᠡᠪᠯᠡᠯ ᠤᠨ ᠠᠵᠢᠯ ᠳᠤ ᠳᠡᠮᠵᠢᠯᠭᠡ ᠦᠵᠡᠭᠦᠯᠵᠦ᠂ ᠬᠠᠶᠢᠷ᠎ᠠ ᠬᠠᠯᠠᠮᠵᠢ ᠬᠦᠷᠭᠡᠬᠦ᠂ ᠠᠵᠢᠯᠲᠠᠨ ᠠᠵᠢᠯᠴᠢᠨ ᠤ ᠬᠦᠴᠢᠷᠳᠡᠯ ᠢ ᠬᠠᠪᠰᠤᠷᠤᠨ

ᠲᠡᠳᠬᠦᠬᠦ᠂ ᠬᠠᠯᠠᠮᠵᠢᠯᠠᠨ ᠬᠠᠶᠢᠷᠠᠯᠠᠵᠤ ᠦᠢᠯᠡᠴᠢᠯᠡᠬᠦ ᠵᠡᠷᠭᠡ ᠲᠥᠷᠥᠯ ᠵᠦᠢᠯ ᠤᠨ ᠲᠠᠯ᠎ᠠ ᠳᠤ ᠬᠡᠯᠪᠡᠶᠢᠯᠭᠡᠨ᠎ᠡ︔ 2024 ᠣᠨ ᠳᠤ ᠵᠠᠬᠢᠶᠠᠯᠠᠭ᠎ᠠ ᠶᠢᠨ ᠪᠣᠳᠠᠰ ᠬᠦᠷᠭᠡᠬᠦ

ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠢ ᠡᠷᠭᠢᠯᠡᠭᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ A ᠲᠥᠷᠥᠯ ᠤᠨ ᠤᠷᠤᠯᠳᠤᠭᠠᠨ ᠳᠤ

ᠵᠢᠭᠰᠠᠭᠠᠨ ᠣᠷᠣᠭᠤᠯᠤᠨ᠎ᠠ︔ 2025 ᠣᠨ ᠳᠤ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠤᠷ᠎ᠠ ᠮᠡᠷᠭᠡᠵᠢᠯ ᠤᠨ ᠤᠷᠤᠯᠳᠤᠭᠠᠨ ᠢ ᠡᠷᠭᠢᠯᠡᠭᠦ ᠶᠢᠨ ᠬᠠᠮᠲᠤ A

ᠲᠥᠷᠥᠯ ᠤᠨ ᠤᠷᠤᠯᠳᠤᠭᠠᠨ ᠳᠤ ᠵᠢᠭᠰᠠᠭᠠᠨ ᠣᠷᠣᠭᠤᠯᠵᠤ᠂ ᠤᠷᠤᠯᠳᠤᠭᠠᠨ ᠡᠷᠭᠢᠯᠡᠭᠦ ᠵᠢᠯᠣᠭᠤᠳᠤᠯᠭ᠎ᠠ ᠬᠠᠩᠭᠠᠵᠤ᠂ ᠵᠠᠷᠤᠳᠠᠯ ᠤᠨ ᠳᠡᠮᠵᠢᠯᠭᠡ ᠶᠢ ᠶᠡᠬᠡᠰᠬᠡᠨ᠎ᠡ︔

2024 ᠣᠨ ᠠᠴᠠ ᠡᠬᠢᠯᠡᠨ᠂ ᠬᠥᠯᠥᠰᠦᠨ ᠮᠠᠯᠴᠢᠨ ᠲᠠᠷᠢᠶᠠᠴᠢᠨ ᠤ ︽ᠡᠷᠳᠡᠮ ᠮᠡᠳᠡᠯᠭᠡ ᠰᠤᠷᠴᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠲᠤᠰᠬᠠᠢ ᠠᠵᠢᠯᠯᠠᠭ᠎ᠠ

ᠥᠷᠨᠢᠭᠦᠯᠬᠦ ᠳᠤᠮᠳᠠ᠂ ᠵᠢᠯ ᠪᠦᠷᠢ ᠲᠣᠯᠣᠭᠠᠶᠢᠯᠠᠭᠴᠢ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠠᠴᠠ

15 — 25 ᠬᠥᠮᠥᠨ ᠢ ᠬᠠᠮᠤᠷᠴᠤ᠂ ᠪᠠᠷᠢᠮᠵᠢᠶ᠎ᠠ ᠨᠢ ᠬᠥᠮᠥᠨ ᠪᠦᠷᠢ 500 ᠲᠥᠭᠦᠷᠢᠭ᠂ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠭᠦ ᠬᠡᠷᠡᠭᠴᠡᠭᠡ ᠱᠠᠭᠠᠷᠳᠠᠯᠭ᠎ᠠ ᠶᠢ

ᠦᠨᠳᠦᠰᠦᠯᠡᠨ ᠲᠣᠭᠲᠠᠭᠠᠨ᠎ᠠ︔ 2024 ᠣᠨ ᠳᠤ᠂ ᠲᠣᠯᠣᠭᠠᠶᠢᠯᠠᠭᠴᠢ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ

ᠬᠥᠳᠡᠯᠮᠦᠷᠢᠴᠢᠳ ᠲᠤ 5000 ᠬᠥᠮᠥᠨ ᠤ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠲᠣᠬᠢᠷᠠᠭᠤᠯᠵᠤ᠂ ᠪᠠᠷᠢᠮᠵᠢᠶ᠎ᠠ ᠨᠢ ᠬᠥᠮᠥᠨ ᠪᠦᠷᠢ 500 ᠲᠥᠭᠦᠷᠢᠭ᠂

ᠨᠡᠶᠢᠲᠡ 250 ᠲᠦᠮᠡᠨ ᠲᠥᠭᠦᠷᠢᠭ ᠣᠷᠣᠭᠤᠯᠤᠨ᠎ᠠ︔ ᠪᠦᠭᠦ ᠵᠢᠯ ᠳᠤ ᠲᠠᠪᠴᠠᠩ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ 100 ᠬᠥᠮᠥᠨ ᠠᠴᠠ

ᠳᠤᠲᠠᠭᠤ ᠦᠭᠡᠢ ᠵᠣᠬᠢᠶᠠᠨ ᠪᠠᠶᠢᠭᠤᠯᠤᠨ ᠡᠮᠨᠡᠭᠦᠯᠵᠦ ᠠᠮᠠᠷᠠᠭᠤᠯᠤᠨ᠎ᠠ︔ 2024 ᠣᠨ ᠳᠤ᠂ ᠠᠵᠢᠯᠴᠢᠨ ᠤ ᠡᠪᠯᠡᠯ ᠳᠤ ᠣᠷᠣᠭᠰᠠᠨ ᠪᠥᠭᠡᠳ ᠬᠤᠳᠠ ᠪᠠᠯᠭᠠᠰᠤᠨ ᠤ

ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠲᠠᠢ 7500 ᠭᠠᠷᠤᠢ ᠲᠦᠷᠭᠡᠨ ᠬᠦᠷᠭᠡᠭᠴᠢ ᠳᠤ ᠬᠥᠮᠥᠨ ᠪᠦᠷᠢ ᠳᠤ 100 ᠲᠥᠭᠦᠷᠢᠭ ᠤᠨ

ᠪᠠᠷᠢᠮᠵᠢᠶ᠎ᠠ ᠪᠠᠷ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠨᠡᠭᠦᠯᠭᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠬᠦᠷᠲᠡᠭᠡᠨ᠎ᠡ᠂ ᠨᠡᠶᠢᠳᠡ 75 ᠲᠦᠮᠡ ᠭᠠᠷᠤᠢ

ᠲᠥᠭᠦᠷᠢᠭ ᠣᠷᠣᠭᠤᠯᠤᠨ᠎ᠠ︔ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ᠂ ᠨᠢᠭᠡᠨᠲᠡ ᠠᠵᠢᠯᠴᠢᠨ ᠤ ᠡᠪᠯᠡᠯ ᠳᠤ ᠣᠷᠣᠭᠰᠠᠨ

ᠪᠥᠭᠡᠳ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠦᠢᠯᠡᠴᠢᠯᠡᠭᠡᠨ ᠤ ᠲᠥᠷᠥᠯ ᠵᠦᠢᠯ ᠳᠤ ᠣᠷᠣᠯᠴᠠᠬᠰᠠᠨ

1100 ᠭᠠᠷᠤᠢ ᠪᠠᠷᠠᠭᠠᠨ ᠤ ᠲᠡᠷᠭᠡ ᠶᠢᠨ ᠵᠢᠯᠣᠭᠤᠴᠢ ᠳᠤ ᠬᠥᠮᠥᠨ ᠪᠦᠷᠢ ᠳᠤ 150 ᠲᠥᠭᠦᠷᠢᠭ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠦᠷᠭᠡᠨ᠎ᠡ︔

ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠪᠦᠯᠭᠦᠮ ᠢ 20 ᠪᠠᠶᠢᠭᠤᠯᠵᠤ᠂ 60 ᠬᠠᠤᠯᠢᠴᠢ ᠶᠢ ᠵᠣᠬᠢᠶᠠᠨ ᠪᠠᠶᠢᠭᠤᠯᠤᠨ᠂ ᠠᠵᠤ ᠠᠬᠤᠶᠢᠯᠠᠯ ᠳᠤ

ᠭᠦᠨᠵᠡᠭᠡᠶᠢᠷᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ 150 ᠲᠠᠯᠠᠪᠤᠷ ᠥᠷᠨᠢᠭᠦᠯᠵᠦ᠂ ᠵᠢᠯ ᠪᠦᠷᠢ 500 ᠬᠥᠮᠥᠨ ᠤᠳᠠᠭ᠎ᠠ ᠳᠤ ᠦᠢᠯᠡᠴᠢᠯᠡᠨ᠎ᠡ︔ ᠤᠯᠤᠰ ᠪᠠ

ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠭᠦᠳᠡᠯᠮᠦᠷᠢ ᠶᠢᠨ

ᠱᠠᠩᠨᠠᠯ ᠵᠡᠷᠭᠡ ᠡᠯ᠎ᠡ ᠲᠥᠷᠥᠯ ᠤᠨ ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠲᠠᠨᠢᠯᠴᠠᠭᠤᠯᠬᠤ ᠳᠤ᠂ ᠨᠥᠬᠦᠴᠡᠯ ᠳᠤ ᠨᠡᠶᠢᠴᠡᠬᠦ ᠲᠣᠯᠣᠭᠠᠶᠢᠯᠠᠭᠴᠢ ᠲᠠᠪᠴᠠᠩ ᠤᠨ

ᠠᠵᠤ ᠠᠬᠤᠶᠢᠯᠠᠯ ᠲᠡᠶᠢᠰᠢ ᠬᠡᠯᠪᠡᠶᠢᠯᠭᠡᠬᠦ ᠶᠢ ᠠᠩᠬᠠᠷᠤᠨ᠎ᠠ︔ ᠲᠣᠯᠣᠭᠠᠶᠢᠯᠠᠭᠴᠢ ᠲᠠᠪᠴᠠᠩ ᠤᠨ ᠠᠵᠤ ᠠᠬᠤᠶᠢᠯᠠᠯ ᠳᠤ ︽ᠬᠠᠮᠤᠭ ᠤᠨ ᠭᠤᠶᠣ ᠠᠵᠢᠯᠲᠠᠨ ᠠᠵᠢᠯᠴᠢᠨ︾

᠎ ᠤ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠣᠷᠣᠨ ᠲᠤᠭ᠎ᠠ ᠶᠢ 10%᠎ ᠠᠴᠠ ᠳᠣᠣᠷ᠎ᠠ ᠪᠠᠶᠢᠯᠭᠠᠬᠤ ᠦᠭᠡᠢ ᠬᠡᠯᠪᠡᠶᠢᠯᠭᠡᠨ᠎ᠡ︔ ᠠᠵᠢᠯᠴᠢᠨ ᠤ

ᠡᠪᠯᠡᠯ ᠤᠨ ᠣᠷᠣᠨ ᠪᠦᠰᠡ ᠠᠯᠤᠰᠯᠠᠭᠰᠠᠨ ᠠᠵᠢᠯ ᠣᠯᠭᠤᠯᠲᠠ ᠶᠢ ᠠᠬᠢᠭᠤᠯᠬᠤ ᠰᠢᠰᠲ᠋ᠧᠮ ᠤᠨ ᠠᠵᠢᠯᠯᠠᠭ᠎ᠠ ᠪᠠ ᠪᠠᠶᠢᠩᠭᠤᠵᠢᠭᠰᠠᠨ ᠠᠵᠢᠯ ᠣᠯᠭᠤᠯᠲᠠ ᠶᠢᠨ

ᠦᠢᠯᠡᠴᠢᠯᠡᠭᠡ ᠶᠢ ᠥᠷᠨᠢᠭᠦᠯᠵᠦ᠂ ᠲᠠᠪᠴᠠᠩ ᠤᠨ ᠠᠵᠤ ᠠᠬᠤᠶᠢᠯᠠᠯ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠢ ᠡᠷᠭᠢᠯᠡᠵᠦ᠂ ᠤᠷᠢᠨ ᠡᠯᠰᠡᠬᠦ ᠡᠭᠦᠯᠡᠨ

ᠲᠠᠪᠴᠠᠩ ᠢᠶᠠᠷ ᠳᠠᠮᠵᠢᠭᠤᠯᠤᠨ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠥᠷᠨᠢᠭᠦᠯᠵᠦ᠂ ᠪᠦᠭᠦ ᠵᠢᠯ ᠳᠤ 500 ᠬᠥᠮᠥᠨ ᠤᠳᠠᠭ᠎ᠠ ᠳᠤ ᠠᠵᠢᠯ

ᠣᠯᠭᠤᠯᠲᠠ ᠶᠢᠨ ᠦᠢᠯᠡᠴᠢᠯᠡᠭᠡ ᠬᠠᠩᠭᠠᠨ᠎ᠠ︔ 1500 ᠲᠦᠮᠡᠨ ᠲᠥᠭᠦᠷᠢᠭ ᠤᠨ ᠪᠡᠯᠡ ᠮᠥᠩᠭᠦᠨ ᠤ ᠲᠥᠰᠥᠪ ᠲᠣᠬᠢᠷᠠᠭᠤᠯᠵᠤ᠂ ︽ᠤᠮᠠᠷᠠᠲᠤ ᠬᠢᠯᠢ ᠶᠢᠨ ᠠᠵᠢᠯᠲᠠᠨ

ᠠᠵᠢᠯᠴᠢᠨ ᠳᠤ ᠠᠰᠢᠭ ᠬᠦᠷᠲᠡᠭᠡᠬᠦ︾ APP ᠶᠢᠨ ᠦᠢᠯᠡᠳᠦᠯ ᠢ ᠪᠠᠳᠠᠷᠠᠭᠤᠯᠵᠤ᠂ 2024 ᠣᠨ ᠳᠤ ᠳᠥᠷᠪᠡᠨ ᠶᠡᠭᠡ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ

ᠬᠥᠳᠡᠯᠮᠦᠷᠢᠴᠢᠳ ᠤᠨ ᠪᠦᠯᠭᠦᠮ ᠨᠡᠶᠢᠳᠡ ᠳᠤ ᠦᠢᠯᠡᠴᠢᠯᠡᠬᠦ ᠰᠦᠯᠵᠢᠶᠡᠨ ᠳᠡᠭᠡᠷᠡᠬᠢ ᠠᠵᠢᠯᠯᠠᠭ᠎ᠠ ᠶᠢ ᠥᠷᠨᠢᠭᠦᠯᠦᠨ᠎ᠡ᠃

ᠢᠷᠡᠯᠲᠡ᠄

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ