ᠮᠠᠨ ᠤ ᠣᠷᠣᠨ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠲᠠᠢ 960 ᠦᠢᠯᠡᠳᠬᠦ ᠦᠢᠯᠡᠰ ᠤᠨ ᠲᠥᠷᠥᠯ ᠵᠦᠢᠵᠦᠶᠢ᠊ᠯ ᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/3/27

       ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ

ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠡᠵᠡᠮᠳᠡᠨ᠂

ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠭᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ

ᠪᠡᠯᠡ ᠤᠷᠤᠭᠤᠯᠤᠯᠳᠠ ᠲᠠᠢ 960 ᠦᠢᠯᠡᠳᠬᠦ ᠦᠢᠯᠡᠰ ᠤᠨ ᠲᠥᠷᠥᠯ ᠵᠦᠢᠯ ᠢ ᠬᠡᠷᠡᠭᠵᠢᠭᠦᠯᠦᠨ᠂ ᠨᠡᠶᠢᠳᠡ 3500 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃

        ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠡᠨᠡ ᠵᠢᠯ ᠮᠠᠨ ᠤ ᠣᠷᠣᠨ ᠪᠡᠯᠡ

ᠤᠷᠤᠭᠤᠯᠤᠯᠳᠠ ᠨᠢ 5 ᠳ᠋ᠦᠩᠰᠢᠭᠤᠷ ᠲᠥᠭᠦᠷᠢᠭ ᠲᠤ ᠬᠦᠷᠬᠦ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ

ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠬᠢᠨᠢ 30%᠎ ᠪᠠᠷ ᠨᠢᠭᠡ ᠯᠡ ᠤᠳᠠᠭ᠎ᠠ ᠶᠢᠨ ᠴᠢᠨᠠᠷᠲᠠᠢ

ᠳᠠᠮ ᠬᠦᠦ ᠶᠢᠨ ᠱᠠᠩᠨᠠᠯ ᠨᠥᠬᠦᠪᠦᠷᠢ ᠣᠯᠭᠤᠨ᠎ᠠ︔ ᠪᠡᠯᠡ ᠤᠷᠤᠭᠤᠯᠤᠯᠳᠠ ᠨᠢ 2000 ᠲᠦᠮᠡᠨ ᠲᠥᠭᠦᠷᠢᠭ ᠲᠤ ᠬᠦᠷᠬᠦ ᠪᠠᠷᠢᠯᠭ᠎ᠠ ᠳᠠᠭᠤᠰᠴᠤ ᠠᠰᠢᠭᠯᠠᠯᠲᠠ ᠳᠤ

ᠣᠷᠣᠭᠰᠠᠨ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠳᠠᠬᠢ ᠪᠡᠯᠡ

ᠣᠷᠣᠭᠤᠯᠤᠯᠲᠠ ᠶᠢᠨ ᠬᠢᠨᠢ 20%᠎ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ︔ ᠰᠢᠨ᠎ᠡ ᠪᠠᠷ ᠦᠨᠡᠯᠡᠨ ᠲᠣᠭᠲᠠᠭᠠᠭᠰᠠᠨ

ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ ᠰᠢᠨ᠎ᠡ ᠭᠡᠯᠪᠡᠷᠢ ᠶᠢᠨ ᠠᠵᠤ

ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠰᠠᠭᠤᠷᠢᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ︔ ᠤᠯᠤᠰ ᠤᠨ ᠳᠤᠮᠳᠠ ᠪᠠᠭ᠎ᠠ

ᠠᠵᠤ ᠠᠬᠤᠶᠢᠯᠠᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠲᠠ ᠶᠢᠨ ᠲᠤᠷᠰᠢᠯᠲᠠ ᠶᠢᠨ ᠴᠡᠭ ᠪᠠ ᠥᠪᠡᠷᠲᠡᠭᠡᠨ ᠵᠠᠰᠠᠬᠤ ᠣᠷᠣᠨ ᠤ

ᠦᠢᠯᠡᠳᠬᠦ ᠦᠢᠯᠡᠰ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠲᠤ ᠣᠷᠣᠭᠰᠠᠨ ᠠᠶᠢᠮᠠᠭ ᠬᠤᠲᠠ ᠳᠤ 5000 ᠲᠦᠮᠡᠨ

ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠠᠩᠬᠠᠨ ᠤ ᠬᠡᠪ ᠤᠨ ᠰᠣᠹᠲ ᠲᠤ ᠪᠣᠷᠤᠯᠠᠭᠤᠯᠭ᠎ᠠ ᠶᠢᠨ ᠬᠡᠮᠵᠢᠶ᠎ᠡ ᠶᠢᠨ ᠬᠢᠨᠢ 20%᠎ ᠪᠠᠷ ᠱᠠᠩᠨᠠᠯ ᠨᠥᠬᠦᠪᠦᠷᠢ

ᠣᠯᠭᠤᠨ᠎ᠠ︔ ᠠᠵᠤ ᠠᠬᠤᠶᠢᠯᠠᠯ ᠤᠨ ᠰᠢᠨ᠎ᠡ ᠪᠠᠷ ᠰᠤᠳᠤᠯᠤᠨ ᠦᠢᠯᠡᠳᠦᠭᠰᠡᠨ ᠠᠵᠤ ᠦᠢᠯᠡᠳᠪᠦᠷᠢ ᠶᠢᠨ ᠰᠣᠹᠲ ᠲᠤ ᠰᠤᠳᠤᠯᠤᠨ ᠦᠢᠯᠡᠳᠬᠦ ᠪᠡᠯᠡ

ᠣᠷᠣᠭᠤᠯᠤᠯᠲᠠ ᠶᠢᠨ ᠬᠢᠨᠢ 20%᠎ ᠪᠠᠷ ᠱᠠᠩᠨᠠᠯ ᠨᠥᠬᠦᠪᠦᠷᠢ ᠣᠯᠭᠤᠨ᠎ᠠ︔ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ

ᠲᠥᠷᠥᠯ ᠵᠦᠢᠯ ᠳᠤ ᠠᠷᠪᠢᠯᠠᠭᠰᠠᠨ ᠡᠨᠧᠷᠭᠢ ᠪᠠ ᠤᠰᠤᠨ ᠤ ᠬᠡᠮᠵᠢᠶ᠎ᠡ ᠪᠠᠷ ᠨᠢ ᠱᠠᠩᠨᠠᠯ ᠨᠥᠬᠦᠪᠦᠷᠢ ᠣᠯᠭᠤᠨ᠎ᠠ︔ ᠲᠣᠮᠣ ᠳ᠋ᠠᠶᠢᠲ᠋ᠠ ᠶᠢᠨ ᠲᠥᠪ ᠤᠨ ᠴᠠᠭᠢᠯᠭᠠᠨ

ᠡᠭᠦᠰᠬᠡᠭᠴᠢ ᠶᠢᠨ ᠠᠰᠢᠭᠯᠠᠮᠵᠢ ︵PUE ᠬᠡᠮᠵᠢᠭᠳᠡᠯ︶᠎ ᠶᠢ ᠠᠩᠬ᠎ᠠ ᠤᠳᠠᠭ᠎ᠠ 1.3 ᠪᠤᠯᠲᠠᠯ᠎ᠠ ᠪᠠᠭᠤᠷᠠᠭᠤᠯᠤᠭᠰᠠᠨ ᠪᠣᠯ ᠮᠡᠷᠭᠡᠵᠢᠯ ᠤᠨ ᠥᠭᠡᠷᠡᠴᠢᠯᠡᠯᠲᠡ ᠶᠢᠨ

ᠪᠡᠯᠡ ᠣᠷᠣᠭᠤᠯᠤᠯᠲᠠ ᠶᠢᠨ ᠬᠢᠨᠢ 10%᠎ ᠪᠠᠷ ᠱᠠᠩᠨᠠᠯ ᠨᠥᠬᠦᠪᠦᠷᠢ ᠣᠯᠭᠤᠨ᠎ᠠ︔ᠰᠢᠨ᠎ᠡ ᠪᠠᠷ ᠪᠦᠲᠦᠭᠡᠨ ᠪᠠᠶᠢᠭᠤᠯᠬᠤ ᠠᠵᠤ ᠦᠢᠯᠡᠳᠪᠦᠷᠢ ᠶᠢᠨ ᠬᠠᠲᠠᠭᠤ

ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠳᠠᠬᠢᠯᠲᠠ ᠡᠬᠢ ᠪᠠᠶᠠᠯᠢᠭ ᠢ ᠠᠰᠢᠭᠯᠠᠬᠤ ᠲᠦᠷᠦᠯ ᠵᠦᠢᠯ ᠤᠨ ᠳᠣᠲᠣᠷᠠᠬᠢ

ᠬᠠᠶᠠᠭᠳᠠᠮᠠᠯ ᠰᠦᠯᠢᠶᠥᠦ᠂ ᠬᠠᠶᠠᠭᠳᠠᠮᠠᠯ ᠴᠠᠭᠠᠰᠤ ᠶᠢ ᠬᠤᠷᠢᠶᠠᠨ ᠠᠪᠴᠤ ᠡᠳ᠋ᠰᠢᠭᠦᠯᠦᠨ ᠠᠰᠢᠭᠯᠠᠬᠤ ᠲᠥᠷᠥᠯ ᠵᠦᠢᠯ ᠳᠤ ᠵᠣᠬᠢᠬᠤ ᠱᠠᠩᠨᠠᠯ ᠨᠥᠬᠦᠪᠦᠷᠢ ᠣᠯᠭᠤᠨ᠎ᠠ︔

ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ

ᠭᠠᠳᠠᠭᠰᠢᠯᠠᠭᠤᠯᠬᠤ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠵᠣᠬᠢᠬᠤ ᠬᠡᠮᠵᠢᠶᠡᠨ ᠤ ᠱᠠᠩᠨᠠᠯ ᠨᠥᠬᠦᠪᠦᠷᠢ ᠣᠯᠭᠤᠬᠤ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ