ᠥᠪᠡᠷᠲᠡᠭᠡᠨ ᠵᠠᠰᠠᠬᠤ ᠣᠷᠣᠨ ︽ᠨᠡᠪᠲᠡᠷᠬᠡᠢ ᠬᠦᠰᠦᠨᠦᠭ︾ ᠰᠢᠰᠲ᠋ᠧᠮ ᠢ ᠰᠦᠪᠡᠭᠴᠢᠯᠡᠨ ᠪᠠᠶᠢᠭᠤᠯᠤᠭᠠᠳ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠨ ᠦᠷ᠎ᠡ ᠪᠦᠲᠦᠮᠵᠢ ᠶᠢ ᠨᠢ ᠨᠡᠮᠡᠭᠳᠡᠭᠦᠯᠵᠦ ︽ᠦᠨᠳᠦᠰᠦᠨ ᠱᠠᠲᠤᠨ ᠠᠴᠠ ᠬᠦᠰᠦᠨᠦᠭ ᠠᠪᠬᠤ︾᠎ ᠶᠢ ︽ᠰᠢᠰᠲ᠋ᠧᠮ ᠠᠴᠠ ᠳ᠋ᠠᠶᠢᠲ᠋ᠠ ᠠᠪᠬᠤ︾ ᠪᠣᠯᠭᠠᠨ ᠬᠤᠪᠢᠷᠠᠭᠤᠯᠬᠤ ᠪᠠᠷ ᠪᠤᠶ
ᠨᠡᠶᠢᠲᠡᠯᠡᠭᠰᠡᠨ ᠴᠠᠭ᠄
2024/3/27

      3 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ

ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠬᠤᠷᠠᠯ ᠤᠨ ᠲᠠᠰᠤᠭ ᠲᠤ᠂ ᠠᠷᠪᠠᠭᠠᠳ ᠳ᠋ᠠᠶᠢᠲ᠋ᠠ ᠶᠢᠨ ᠢᠨᠵᠧᠨᠧᠷ ᠺᠤᠮᠫᠢᠦ᠋ᠲ᠋ᠧᠷ ᠤᠨ ᠡᠮᠦᠨ᠎ᠡ ᠶᠠᠭᠠᠷᠠᠯᠲᠠᠢ

ᠠᠵᠢᠯᠯᠠᠨ᠎ᠠ᠃ ᠬᠤᠷᠠᠯ ᠤᠨ ᠲᠠᠰᠤᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠠᠬᠢ ︿ᠨᠡᠪᠲᠡᠷᠬᠡᠢ ᠬᠦᠰᠦᠨᠦᠭ﹀

ᠰᠢᠰᠲ᠋ᠧᠮ ᠤᠨ ᠠᠵᠢᠯ ᠤᠨ ᠪᠣᠷᠣ ᠵᠢᠷᠤᠭ︾᠎ ᠢ ᠨᠢᠳᠦᠨ ᠳᠤ ᠢᠯᠡ ᠡᠯᠭᠦᠭᠰᠡᠨ ᠠᠴᠠ ᠰᠢᠰᠲ᠋ᠧᠮ ᠤᠨ ᠠᠵᠢᠯ ᠤᠨ ᠠᠬᠢᠴᠠ ᠶᠢ ᠦᠵᠡᠮᠡᠭᠴᠡ ᠲᠣᠳᠣᠷᠬᠠᠢ

ᠣᠶᠢᠯᠠᠭᠠᠵᠤ ᠪᠣᠯᠣᠨ᠎ᠠ᠃

      ᠶᠡᠷᠦ ᠨᠢ ᠬᠦᠰᠦᠨᠦᠭ ᠤᠯᠠᠨ᠂ ᠰᠢᠰᠲ᠋ᠧᠮ ᠤᠯᠠᠨ᠂ ᠳ᠋ᠠᠶᠢᠲ᠋ᠠ ᠴᠢᠳᠠᠮᠵᠢ ᠣᠯᠭᠤᠬᠤ ᠬᠦᠴᠢᠷ ᠵᠡᠷᠭᠡ ᠠᠰᠠᠭᠤᠳᠠᠯ ᠤᠳ ᠪᠣᠯ ᠦᠨᠳᠦᠰᠦᠨ ᠱᠠᠲᠤᠨ ᠤ

ᠠᠵᠢᠯ ᠤᠨ ᠬᠦᠴᠢᠷᠳᠡᠯ ᠪᠣᠯᠣᠭᠰᠠᠭᠠᠷ ᠢᠷᠡᠵᠠᠢ᠃ ᠦᠨᠳᠦᠰᠦᠨ ᠱᠠᠲᠤᠨ ᠤ ᠠᠵᠢᠯ ᠲᠦᠮᠡ ᠮᠢᠩᠭ᠎ᠠ ᠪᠥᠭᠡᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠤᠯᠠᠨ

ᠶᠠᠩᠵᠤ ᠶᠢᠨ ᠪᠠᠶᠢᠳᠠᠭ ᠪᠣᠯᠬᠤᠷ ᠬᠡᠷᠬᠢᠨ ᠦᠨᠳᠦᠰᠦᠨ ᠱᠠᠲᠤᠨ ᠤ ᠠᠵᠢᠯᠲᠠᠳ ᠢ ᠴᠢᠯᠦᠭᠡᠯᠡᠨ᠂ ᠳᠡᠭᠡᠭᠰᠢ ᠮᠡᠳᠡᠭᠦᠯᠬᠦ ᠬᠦᠰᠦᠨᠦᠭ ᠢ ᠳᠤᠲᠠᠭᠤᠬᠠᠨ ᠰᠢᠭ᠋᠂ ᠦᠨᠳᠦᠰᠦᠨ

ᠱᠠᠲᠤᠨ ᠤ ᠰᠤᠷᠪᠤᠯᠵᠢᠯᠠᠯ ᠢ ᠢᠯᠡᠭᠦᠬᠡᠨ ᠰᠢᠭ ᠪᠤᠯᠭᠠᠬᠤ ᠪᠤᠢ᠃ ᠡᠭᠦᠨ ᠤ ᠲᠤᠯᠠᠳᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ

ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ︽ᠨᠡᠪᠲᠡᠷᠬᠡᠢ ᠬᠦᠰᠦᠨᠦᠭ︾ ᠰᠢᠰᠲ᠋ᠧᠮ ᠢ ᠰᠦᠪᠡᠭᠴᠢᠯᠡᠨ ᠪᠠᠶᠢᠭᠤᠯᠤᠭᠠᠳ᠂ ᠳ᠋ᠠᠶᠢᠲ᠋ᠠ ᠶᠢ ᠨᠢᠭᠡ ᠴᠣᠭᠴᠠᠵᠢᠭᠤᠯᠤᠨ

ᠴᠤᠭᠯᠠᠭᠤᠯᠬᠤ ᠪᠠᠷ ᠳᠠᠮᠵᠢᠭᠤᠯᠤᠨ᠂ ᠳ᠋ᠠᠶᠢᠲ᠋ᠠ ᠶᠢ ᠬᠤᠪᠢᠶᠠᠯᠴᠠᠬᠤ ᠶᠢ ᠠᠬᠢᠭᠤᠯᠵᠤ᠂ ︽ᠦᠨᠳᠦᠰᠦᠨ ᠱᠠᠲᠤᠨ ᠠᠴᠠ ᠬᠦᠰᠦᠨᠦᠭ ᠠᠪᠬᠤ︾ ᠪᠠᠶᠢᠭᠰᠠᠨ ᠢ

︽ᠰᠢᠰᠲ᠋ᠧᠮ ᠠᠴᠠ ᠳ᠋ᠠᠶᠢᠲ᠋ᠠ ᠠᠪᠬᠤ︾ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠯᠡᠨ ᠦᠷ᠎ᠡ ᠪᠦᠲᠦᠮᠵᠢ ᠶᠢ ᠨᠢ ᠨᠡᠮᠡᠭᠳᠡᠭᠦᠯᠵᠦ

ᠪᠠᠶᠢᠨ᠎ᠠ᠃ ᠣᠳᠣᠬᠠᠨ ᠳᠤ᠂ ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ᠂ ᠭᠦᠭᠡᠬᠤᠲᠠ ᠶᠢᠨ ᠰᠠᠶᠢᠬᠠᠨ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ᠂

ᠬᠢᠩᠭᠠᠨ ᠠᠶᠢᠮᠠᠭ ᠤᠨ ᠤᠯᠠᠭᠠᠨᠬᠤᠲᠠ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠵᠢᠴᠢ ᠦᠬᠠᠢ

ᠬᠤᠲᠠ ᠵᠡᠷᠭᠡ 7 ᠭᠠᠵᠠᠷ ᠣᠷᠣᠨ ᠳᠤ ᠲᠤᠷᠰᠢᠯᠲᠠ ᠶᠢᠨ ᠴᠡᠭ ᠤᠨ ᠬᠠᠮᠢᠶ᠎ᠠ ᠪᠦᠬᠦᠢ ᠠᠵᠢᠯ ᠢ ᠨᠢᠭᠡᠨᠲᠡ ᠥᠷᠨᠢᠭᠦᠯᠪᠡ᠃

      ᠳᠠᠪᠬᠤᠴᠠᠭᠰᠠᠨ ᠮᠡᠳᠡᠭᠦᠯᠬᠦ ᠬᠦᠰᠦᠨᠦᠭ ᠤᠳ ᠢ ᠴᠣᠮᠬᠠᠳᠬᠠᠨ ᠨᠡᠶᠢᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ

ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠬᠤ ᠠᠶᠢᠮᠠᠭ ᠬᠤᠲᠠ ᠪᠠ ᠬᠤᠰᠢᠭᠤ ᠰᠢᠶᠠᠨ

ᠲᠣᠭᠤᠷᠢᠭ ᠬᠤᠶᠠᠷ ᠱᠠᠲᠤᠨ ᠤ 50 ᠰᠢᠬᠠᠮ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠲᠠᠭᠯᠠᠨ ᠮᠡᠳᠡᠭᠦᠯᠬᠦ ᠴᠢᠬᠤᠯᠠᠲᠠᠢ 600 ᠭᠠᠷᠤᠢ ᠮᠡᠳᠡᠭᠦᠯᠦᠯᠲᠡ ᠶᠢᠨ

ᠬᠦᠰᠦᠨᠦᠭ ᠤᠳ ᠢ ᠤᠷᠢᠳ ᠬᠤᠵᠢᠳ 4 ᠤᠳᠠᠭ᠎ᠠ ᠴᠤᠭᠯᠠᠭᠤᠯᠤᠨ ᠡᠮᠬᠢᠯᠡᠵᠦ᠂ ᠮᠡᠳᠡᠭᠦᠯᠦᠯᠲᠡ ᠶᠢᠨ ᠬᠦᠰᠦᠨᠦᠭ ᠲᠠᠬᠢ ᠳ᠋ᠠᠶᠢᠲ᠋ᠠ ᠶᠢᠨ ᠵᠦᠢᠯᠡᠰ ᠢ ᠵᠠᠳᠠᠯᠤᠨ᠂

ᠳᠠᠪᠬᠤᠴᠠᠭᠰᠠᠨ ᠢ ᠨᠢ ᠬᠠᠰᠤᠭᠰᠠᠨ ᠮᠥᠷᠲᠡᠭᠡᠨ ᠠᠵᠢᠯ ᠲᠥᠷᠥᠯ ᠬᠢᠭᠡᠳ ᠲᠤᠬᠠᠶᠢᠯᠠᠭᠰᠠᠨ ᠠᠵᠢᠯ ᠤᠨ ᠬᠤᠯᠪᠣᠭᠳᠠᠯᠲᠤ ᠴᠢᠨᠠᠷ ᠢᠶᠠᠷ ᠨᠡᠶᠢᠯᠡᠭᠦᠯᠦᠨ ᠡᠮᠬᠢᠯᠡᠭᠰᠡᠨ ᠤ

ᠳᠠᠷᠠᠭ᠎ᠠ᠂ ᠠᠩᠬᠠᠳᠤᠭᠠᠷ ᠪᠦᠯᠦᠭ ᠤᠨ ᠥᠨᠳᠥᠷ ᠳᠠᠪᠲᠠᠮᠵᠢᠲᠤ 90 ᠮᠡᠳᠡᠭᠦᠯᠦᠯᠲᠡ ᠶᠢᠨ ᠬᠦᠰᠦᠨᠦᠭ ᠤᠨ ︽ᠳ᠋ᠠᠶᠢᠲ᠋ᠠ ᠶᠢᠨ ᠡᠬᠡ ᠲᠠᠩᠰᠠ︾᠎ ᠶᠢ ᠪᠤᠶ ᠪᠣᠯᠭᠠᠵᠠᠢ᠃

ᠳᠠᠷᠠᠭ᠎ᠠ ᠳᠤ ᠨᠢ ᠰᠠᠯᠠᠭ᠎ᠠ ᠮᠥᠴᠢᠷ ᠪᠠ ᠦᠨᠳᠦᠰᠦᠨ ᠱᠠᠲᠤᠨ ᠤ ᠳ᠋ᠠᠶᠢᠲ᠋ᠠ ᠶᠢᠨ ᠬᠡᠷᠡᠭᠴᠡᠭᠡ ᠶᠢ ᠬᠤᠷᠢᠶᠠᠩᠭᠤᠶᠢᠯᠠᠨ᠂ ᠦᠨᠳᠦᠰᠦᠨ ᠱᠠᠲᠤᠨ ᠤ ︽ᠦᠨᠳᠦᠰᠦᠨ

ᠳ᠋ᠠᠶᠢᠲ᠋ᠠ ᠬᠥᠮᠥᠷᠭᠡ︾᠎ ᠶᠢ ᠪᠠᠶᠢᠭᠤᠯᠬᠤ ᠪᠣᠯᠣᠨ᠎ᠠ᠃ ᠦᠨᠳᠦᠰᠦᠨ ᠱᠠᠲᠤᠨ ᠤ ︽ᠦᠨᠳᠦᠰᠦᠨ ᠳ᠋ᠠᠶᠢᠲ᠋ᠠ ᠬᠥᠮᠥᠷᠭᠡ︾᠎ ᠳᠤ ᠲᠤᠰᠠᠯᠠᠬᠤ ᠶᠢᠨ ᠲᠥᠯᠥᠭᠡ᠂

ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ︽ᠨᠡᠪᠲᠡᠷᠬᠡᠢ ᠬᠦᠰᠦᠨᠦᠭ︾ ᠲᠤᠰᠬᠠᠢ ᠬᠥᠮᠥᠷᠭᠡᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠣᠰ

ᠱᠠᠲᠤᠨ ᠤ 12 ᠰᠠᠯᠠᠭ᠎ᠠ ᠮᠥᠴᠢᠷ ᠤᠨ 5.59 ᠳ᠋ᠦᠩᠰᠢᠭᠤᠷ ᠵᠤᠷᠪᠤᠰ ᠳ᠋ᠠᠶᠢᠲ᠋ᠠ ᠶᠢ ᠴᠤᠭᠯᠠᠭᠤᠯᠤᠭᠠᠳ ᠪᠠᠶᠢᠨ᠎ᠠ᠃

      ︽ᠳ᠋ᠠᠶᠢᠲ᠋ᠠ ᠨᠤᠭᠤᠳ ᠢ ︿ᠨᠡᠪᠲᠡᠷᠬᠡᠢ ᠬᠦᠰᠦᠨᠦᠭ﹀ ᠲᠠᠪᠴᠠᠩ ᠳᠤ ᠨᠢᠭᠡᠳᠦᠯᠲᠡᠢ ᠣᠷᠣᠭᠤᠯᠤᠭᠰᠠᠨ ᠤ ᠳᠠᠷᠠᠭ᠎ᠠ᠂ ᠦᠨᠳᠦᠰᠦᠨ ᠱᠠᠲᠤᠨ ᠤ ᠠᠵᠢᠯᠲᠠᠳ

ᠳ᠋ᠠᠶᠢᠲ᠋ᠠ ᠨᠤᠭᠤᠳ ᠢ ᠡᠳᠦᠷ ᠲᠤᠲᠤᠮ ᠬᠥᠳᠡᠯᠦᠩᠭᠦᠢ ᠬᠠᠳᠠᠭᠠᠯᠠᠨ ᠬᠠᠮᠠᠭᠠᠯᠠᠬᠤ ᠤᠴᠢᠷ ᠠᠴᠠ ᠳᠡᠭᠡᠷ᠎ᠡ ᠱᠠᠲᠤᠨ ᠤ ᠰᠠᠯᠠᠭ᠎ᠠ ᠮᠥᠴᠢᠷ ᠰᠢᠰᠲ᠋ᠧᠮ ᠢᠶᠠᠷ ᠳᠡᠮᠵᠢᠨ

ᠳ᠋ᠠᠶᠢᠲ᠋ᠠ ᠰᠢᠭᠤᠳ ᠣᠯᠬᠤ ᠪᠣᠯᠵᠤ᠂ ᠦᠨᠳᠦᠰᠦᠨ ᠱᠠᠲᠤᠨ ᠤ ᠬᠦᠰᠦᠨᠦᠭ ᠮᠡᠳᠡᠭᠦᠯᠬᠦ ᠳᠤ ᠵᠠᠷᠤᠴᠠᠭᠤᠯᠬᠤ ᠴᠠᠭ ᠢ ᠨᠢ ᠶᠡᠭᠡ ᠪᠠᠷ ᠪᠠᠭᠠᠰᠬᠠᠪᠠ᠃︾ ᠭᠡᠵᠦ ᠥᠪᠡᠷᠲᠡᠭᠡᠨ

ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳ᠋ᠠᠶᠢᠲ᠋ᠠ ᠶᠢᠨ ᠡᠬᠢ ᠪᠠᠶᠠᠯᠢᠭ ᠤᠨ ᠭᠠᠵᠠᠷ ᠤᠨ

ᠬᠠᠷᠢᠭᠤᠴᠠᠯᠭᠠᠲᠠᠨ ᠳᠠᠶᠢᠴᠢᠨ ᠲᠠᠨᠢᠯᠴᠠᠭᠤᠯᠵᠠᠢ᠃

      ᠣᠶᠢᠯᠠᠭᠠᠭᠰᠠᠨ ᠢᠶᠠᠷ᠂ ᠮᠠᠨ ᠤ ᠣᠷᠣᠨ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠤᠭᠤᠳ ᠤᠨ ︽ᠦᠨᠳᠦᠰᠦᠨ ᠳ᠋ᠠᠶᠢᠲ᠋ᠠ ᠬᠥᠮᠥᠷᠭᠡ︾ ᠪᠠᠶᠢᠭᠤᠯᠬᠤ

ᠵᠢᠴᠢ ︽ᠨᠡᠪᠲᠡᠷᠬᠡᠢ ᠬᠦᠰᠦᠨᠦᠭ︾ ᠬᠡᠷᠡᠭᠯᠡᠭᠡᠨ ᠤ ᠰᠢᠰᠲ᠋ᠧᠮ ᠢ ᠰᠦᠯᠵᠢᠶᠡᠨ ᠳᠤ ᠣᠷᠣᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠤᠨ᠎ᠠ᠃ ᠲᠤᠷᠰᠢᠯᠲᠠ ᠶᠢᠨ

ᠴᠡᠭ ᠲᠤ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ᠂ ᠵᠢᠯ ᠤᠨ ᠡᠴᠦᠰ ᠲᠤ ᠪᠦᠭᠦ ᠣᠷᠣᠨ ᠤ ᠡᠯ᠎ᠡ ᠭᠠᠵᠠᠷ ᠲᠤ ᠪᠦᠭᠦ ᠲᠠᠯ᠎ᠠ ᠪᠠᠷ ᠳᠡᠯᠭᠡᠷᠡᠭᠦᠯᠬᠦ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ