ᠤᠷᠠᠳ ᠤᠨ ᠬᠤᠶᠢᠳᠤ ᠬᠤᠰᠢᠭᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/28

 

      3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠤᠷᠠᠳ ᠤᠨ ᠬᠤᠶᠢᠲᠤ ᠬᠤᠰᠢᠭᠤᠨ ᠤ 2024 ᠣᠨ ᠤ

ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠬᠥᠭᠵᠢᠭᠦᠯᠦᠯᠲᠡ

ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ

ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂

ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ

      ᠸᠠᠩ ᠶᠢᠨ ᠪᠦᠦ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤᠨ  ᠤ ᠨᠠᠮ ᠤᠨ

ᠬᠤᠷᠢᠶ᠎ᠠ ᠪᠠ  ᠬᠤᠰᠢᠭᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ︽

ᠰᠠᠶᠢᠨ ᠡᠬᠢᠯᠡᠯᠲᠡ ᠲᠠᠢ︾ ᠪᠠᠶᠢᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ ᠴᠢᠩᠭ᠎ᠠ ᠠᠳᠬᠤᠨ ᠪᠣᠳᠠᠲᠠᠢ

ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ᠂

ᠰᠤᠳᠤᠯᠤᠨ ᠮᠠᠭᠠᠳᠯᠠᠯᠲᠠ᠂ ᠬᠢᠨᠠᠨ ᠬᠡᠮᠵᠢᠯᠲᠡ ᠪᠠ ᠲᠣᠬᠢᠷᠠᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ

ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠲᠡᠮᠡᠴᠡᠵᠦ᠂ ᠪᠦᠲᠦᠭᠡᠨ ᠪᠠᠶᠢᠭᠤᠯᠤᠯᠲᠠ ᠬᠢᠵᠦ᠂ ︽

ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ

ᠬᠡᠷᠡᠭᠲᠡᠢ᠃ ᠠᠵᠢᠯᠯᠠᠬᠤ ᠠᠷᠭ᠎ᠠ ᠶᠢ ᠡᠷᠬᠢᠮᠯᠡᠵᠦ᠂ ᠡᠳᠦᠷ ᠢᠶᠠᠷ ᠬᠢᠨᠠᠨ ᠬᠡᠮᠵᠢᠬᠦ᠂ ᠭᠠᠷᠠᠭ ᠢᠶᠠᠷ ᠲᠣᠬᠢᠷᠠᠭᠤᠯᠬᠤ᠂ ᠠᠷᠪᠠᠨ ᠡᠳᠦᠷ ᠢᠶᠠᠷ ᠵᠠᠳᠠᠯᠤᠨ ᠰᠢᠨᠵᠢᠯᠡᠬᠦ᠂

ᠰᠠᠷ᠎ᠠ ᠪᠠᠷ ᠲᠣᠭᠠᠯᠠᠨ ᠪᠦᠷᠢᠳᠬᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠠᠶᠢᠳᠠᠯ ᠢ

ᠬᠢᠨᠠᠮᠠᠭᠠᠢ ᠡᠮᠬᠢᠯᠡᠨ ᠳᠢᠭᠯᠡᠵᠦ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠲᠤᠭ᠎ᠠ

ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂

ᠠᠷᠭ᠎ᠠ ᠪᠦᠬᠦᠨ ᠢ ᠰᠦᠪᠡᠭᠴᠢᠯᠡᠨ ᠬᠠᠳᠠᠭᠠᠯᠠᠯᠲᠠ ᠶᠢᠨ ᠬᠡᠮᠵᠢᠶ᠎ᠡ ᠶᠢ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠠᠳᠬᠤᠨ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂

ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ ᠳᠠᠬᠢᠨ ᠪᠣᠭᠤᠮᠲᠠ ᠰᠢᠪᠲᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠠᠵᠢᠯ ᠲᠥᠷᠥᠯ ᠢᠶᠠᠷ

ᠲᠣᠬᠢᠷᠠᠭᠤᠯᠬᠤ᠂ ᠬᠠᠷᠢᠶ᠎ᠠ ᠭᠠᠵᠠᠷ ᠢᠶᠠᠷ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢ ᠪᠥᠬᠦ ᠲᠠᠯ᠎ᠠ ᠪᠠᠷ

ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ 

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ