ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠠᠵᠤ ᠠᠬᠤᠶᠢᠯᠠᠯ  ᠤᠨ ᠬᠢᠨᠠᠨ ᠪᠤᠳᠤᠬᠤ ᠠᠵᠢᠯ  ᠢ ᠰᠤᠳᠤᠯᠤᠨ ᠶᠠᠷᠢᠯᠴᠠᠬᠤ ᠬᠤᠷᠠᠯ ᠤᠷᠠᠳ ᠤᠨ ᠬᠤᠶᠢᠲᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/28

 

      3 ᠰᠠᠷ᠎ᠠ ᠶᠢᠨ 26 ᠤ ᠡᠳᠦᠷ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠠᠴᠠ ᠪᠦᠬᠦ ᠬᠤᠲᠠ ᠶᠢᠨ ᠡᠯ᠎ᠡ ᠬᠤᠰᠢᠭᠤ ᠰᠢᠶᠠᠨ ︵ᠲᠣᠭᠤᠷᠢᠭ︶ ᠤ ᠬᠢᠨᠠᠨ

ᠪᠤᠳᠤᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠷᠠᠳ ᠤᠨ ᠬᠤᠶᠢᠲᠤ ᠬᠤᠰᠢᠭᠤᠨ ᠳᠤ ᠠᠵᠤ ᠠᠬᠤᠶᠢᠯᠠᠯ ᠤᠨ ᠬᠢᠨᠠᠨ ᠪᠤᠳᠤᠬᠤ ᠰᠤᠳᠤᠯᠤᠨ ᠶᠠᠷᠢᠯᠴᠠᠬᠤ ᠬᠤᠷᠠᠯ

ᠬᠤᠷᠠᠯᠳᠤᠭᠤᠯᠵᠤ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠢ ᠬᠢᠨᠠᠨ ᠪᠤᠳᠤᠭᠴᠢ ᠸᠠᠩ ᠪᠧᠨ ᠬᠤᠸᠠ ᠨᠥᠬᠦᠷ᠂ ᠤᠷᠠᠳ ᠤᠨ ᠬᠤᠶᠢᠲᠤ

ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠬᠤᠶ ᠵᠢᠶᠧ ᠂ ᠬᠤᠲᠠ ᠶᠢᠨ

ᠬᠢᠨᠠᠨ ᠪᠤᠳᠤᠬᠤ ᠲᠣᠪᠴᠢᠶ᠎ᠠ ᠶᠢᠨ ᠠᠵᠤ ᠠᠬᠤᠶᠢᠯᠠᠯ ᠤᠨ ᠰᠠᠯᠠᠭ᠎ᠠ ᠶᠢᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ︵ᠲᠣᠭᠤᠷᠢᠭ︶ ᠤ ᠬᠢᠨᠠᠨ ᠪᠤᠳᠤᠬᠤ

ᠪᠠᠶᠢᠭᠤᠯᠭ᠎ᠠ ᠶᠢᠨ ᠠᠵᠤ ᠠᠬᠤᠶᠢᠯᠠᠯ ᠤᠨ ᠬᠢᠨᠠᠨ ᠪᠤᠳᠤᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠲ᠋ᠣᠺ ᠤᠨ

ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

       ᠬᠤᠷᠠᠯ ᠳᠡᠭᠡᠷ᠎ᠡ᠂ ᠸᠠᠩ ᠪᠧᠨ ᠬᠤᠸᠠ ᠨᠥᠬᠦᠷ ᠡᠯ᠎ᠡ ᠬᠤᠰᠢᠭᠤ ᠰᠢᠶᠠᠨ ︵ᠲᠣᠭᠤᠷᠢᠭ︶ ᠤ ᠬᠢᠨᠠᠨ ᠪᠤᠳᠤᠬᠤ ᠪᠠᠶᠢᠭᠤᠯᠤᠯᠭ᠎ᠠ ᠶᠢᠨ 2023 ᠣᠨ ᠤ ᠠᠵᠤ

ᠠᠬᠤᠶᠢᠯᠠᠯ ᠤᠨ ᠬᠢᠨᠠᠨ ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ᠂ ᠭᠤᠣᠯ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ᠂ ᠳᠠᠷᠤᠶᠢᠬᠠᠨ

ᠣᠯᠠᠨ ᠤ ᠳᠤᠷᠠᠳᠤᠭᠰᠠᠨ  ᠬᠦᠨ  ᠡᠵᠡᠮᠰᠢᠬᠡᠳᠤᠢ ᠲᠦᠷᠤ ᠶᠢᠨ ᠪᠤᠳᠤᠯᠭ᠎ᠠ  ᠪᠠ ᠵᠠᠩᠭᠢᠯᠠᠭ᠎ᠠ ᠶᠢᠨ ᠭᠤᠭᠴᠤᠭ᠎ᠠ  ᠳᠤ ᠨᠠᠷᠢᠨ ᠲᠣᠳᠣᠷᠬᠠᠢ ᠬᠠᠷᠢᠭᠤᠯᠲᠠ ᠥᠭᠭᠦᠭᠰᠡᠨ

ᠪᠥᠭᠡᠳ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠨᠢᠭᠡᠳᠦᠯᠲᠡᠢ ᠲᠥᠯᠥᠪᠯᠡᠵᠦ ᠬᠠᠮᠲᠤᠷᠠᠨ ᠬᠥᠳᠡᠯᠦᠯᠴᠡᠬᠦ ᠲᠠᠯ᠎ᠠ ᠪᠠᠷ ᠬᠠᠮᠢᠶ᠎ᠠ ᠪᠦᠬᠦᠢ ᠰᠠᠨᠠᠭᠤᠯᠭ᠎ᠠ

ᠭᠠᠷᠭᠠᠭᠰᠠᠨ ᠪᠠᠶᠢᠨ᠎ᠠ᠃

       ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨᠠᠨ ᠪᠣᠳᠣᠯᠲᠠ ᠳᠤ  ᠡᠩ ᠲᠠᠷᠢᠬᠦᠨ ᠳᠤ ᠬᠡᠷᠡᠭᠵᠢᠭᠦᠯᠬᠦ ᠲᠥᠰᠥᠯ ᠢ ᠴᠢᠬᠤᠯᠠᠴᠢᠯᠠᠵᠤ᠂

ᠬᠢᠨᠠᠨ ᠪᠣᠳᠣᠭᠳᠠᠵᠤ ᠪᠠᠶᠢᠭ᠎ᠠ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭ᠎ᠠ ᠶᠢ ᠭᠦᠨᠵᠡᠭᠡᠢ ᠵᠠᠳᠠᠯᠵᠤ᠂ ᠬᠢᠨᠠᠨ ᠪᠣᠳᠣᠯᠲᠠ ᠶᠢᠨ ᠭᠤᠣᠯᠳᠠᠯᠭ᠎ᠠ ᠪᠣᠯᠣᠨ

ᠠᠭᠤᠯᠭ᠎ᠠ ᠶᠢ ᠲᠣᠭᠲᠠᠭᠠᠬᠤ ᠬᠡᠷᠡᠭᠲᠡᠢ᠃ ᠬᠤᠶᠠᠷ ᠲᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ

ᠬᠡᠯᠪᠡᠷᠢ ᠪᠠᠷ ᠳᠠᠮᠵᠢᠭᠤᠯᠤᠨ ᠪᠥᠬᠦ ᠬᠤᠲᠠ ᠶᠢᠨ ᠠᠵᠤ ᠠᠬᠤᠶᠢᠯᠠᠯ ᠤᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠢ

ᠳᠡᠭᠡᠭᠰᠢᠯᠡᠭᠦᠯᠦᠨ᠎ᠡ᠃ ᠭᠤᠷᠪᠠ ᠳᠤ ᠬᠢᠨᠠᠯᠲᠠ ᠲᠠᠯᠪᠢᠬᠤ ᠦᠢᠯᠡᠴᠢᠯᠡᠭᠡ ᠶᠢ ᠰᠠᠶᠢᠲᠤᠷ  ᠬᠢᠵᠤ᠂ ᠬᠢᠨᠠᠨ ᠪᠣᠳᠣᠭᠤᠯᠵᠤ ᠪᠠᠶᠢᠭ᠎ᠠ ᠠᠵᠤ ᠠᠬᠤᠶᠢᠯᠠᠯ ᠯᠤᠭ᠎ᠠ

ᠬᠠᠷᠢᠯᠴᠠᠭ᠎ᠠ ᠪᠠᠨ ᠴᠢᠩᠭᠠᠳᠬᠠᠵᠤ᠂ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠬᠥᠭᠵᠢᠯᠲᠡ ᠶᠢᠨ ᠳᠤᠮᠳᠠᠬᠢ ᠪᠣᠭᠤᠮᠢ  ᠶᠢ ᠲᠠᠶᠢᠯᠵᠤ᠂ ᠠᠵᠤ

ᠠᠬᠤᠶᠢᠯᠠᠯ ᠤᠨ ᠠᠰᠠᠭᠤᠳᠠᠯ ᠢ ᠬᠥᠭᠵᠢᠯᠲᠡ ᠶᠢᠨ ᠳᠤᠮᠳᠠ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃

       ᠲᠤᠰ  ᠬᠤᠷᠠᠯ ᠨᠢ ᠴᠢᠯᠤᠬᠡᠳᠡᠢ ᠪᠠᠷ ᠰᠤᠳᠤᠯᠤᠨ ᠶᠠᠷᠢᠯᠴᠠᠬᠤ  ᠬᠡᠯᠪᠠᠷᠢ ᠪᠠᠷ ᠶᠠᠪᠤᠬᠳᠠᠵᠤ᠂ ᠬᠤᠷᠠᠯ ᠳᠤ ᠤᠷᠤᠯᠴᠠᠬᠰᠠᠳ ᠡᠷᠡᠭᠡᠯᠵᠡᠭᠡ ᠦᠭᠡᠢ

ᠠᠰᠠᠭᠤᠳᠠᠯ  ᠢᠶᠠᠨ ᠳᠤᠷᠠᠳᠴᠤ᠂ ᠠᠰᠠᠭᠤᠳᠠᠯ ᠢ  ᠰᠢᠢᠳᠪᠤᠷᠢᠯᠠᠵᠤ᠂ ᠠᠵᠢᠯ ᠤᠨ  ᠴᠢᠳᠠᠪᠤᠷᠢ ᠪᠠᠨ ᠳᠡᠭᠡᠭᠰᠢᠯᠡᠭᠦᠯᠵᠦ᠂  ᠬᠠᠮᠳᠤ ᠨᠡᠶᠢᠳᠠ ᠶᠢᠨ ᠪᠦᠯᠬᠦᠮᠳᠠᠯ

ᠨᠢᠬᠳᠠᠷᠠᠯ ᠤᠨ ᠰᠡᠳᠬᠢᠯᠭᠡ ᠪᠠᠨ ᠵᠤᠵᠠᠭᠠᠳᠬᠠᠬᠰᠠᠨ ᠪᠠᠶᠢᠨ᠎ᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ