ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠮᠡᠷᠭᠡᠵᠢᠯ ᠤᠨ | ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ︽ᠬᠤᠪᠣᠷ ᠰᠢᠷᠣᠢ ᠶᠢᠨ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ︾ ᠭᠡᠬᠦ ᠮᠡᠷᠭᠡᠵᠢᠯ ᠨᠡᠮᠡᠭᠰᠡᠨ ᠢᠶᠠᠷ ᠬᠤᠪᠣᠷ ᠰᠢᠷᠣᠢ ᠶᠢᠨ ᠬᠦᠷᠢᠶᠡᠨ ᠳᠠᠬᠢ ᠵᠢᠩᠬᠢᠨᠢ ᠠᠩᠭᠢ ᠶᠢᠨ | ᠮᠡᠷᠭᠡᠵᠢᠯ ᠲᠠᠢ ᠤᠯᠤᠰ ᠤᠨ ᠳᠣᠲᠣᠭᠠᠳᠤ ᠶᠢᠨ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠪᠣᠯᠵᠤ᠂ ᠬᠤᠪᠣᠷ ᠰᠢᠷᠣᠢ ᠶᠢᠨ ᠬᠦᠷᠢᠶᠡᠨ ᠳᠠᠬᠢ ᠵᠢᠩᠬᠢᠨᠢ ᠠᠩᠭᠢ ᠶᠢᠨ | ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠤᠭᠤᠰᠤᠨ ᠢ ᠨᠥ᠋ᠬᠦᠪᠦᠷᠢᠯᠡᠭᠰᠡᠨ ᠪᠥᠭᠡᠳ᠂ ᠪᠥᠬᠦ ᠤᠯᠤᠰ ᠲᠤ ᠲᠣᠰ ᠮᠡᠷᠭᠡᠵᠢᠯ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠠᠩᠬ᠎ᠠ ᠡᠭᠦᠳᠬᠦ ᠪᠣᠯᠣᠨ᠎ᠠ᠃ | ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠵᠢᠩᠬᠢᠨᠢ ᠠᠩᠭᠢ ᠶᠢᠨ ᠮᠡᠷᠭᠡᠵᠢᠯ ᠠᠴᠠ ᠭᠠᠳᠠᠨ᠎ᠠ᠂ ᠲᠣᠰ ᠤᠳᠠᠭ᠎ᠠ | ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠪᠠᠰᠠ ᠣᠶᠤᠨᠲᠤ ᠦᠢᠯᠡᠳᠬᠦ ᠢᠨᠵᠧᠨᠧᠷᠢᠩ᠂ ᠬᠡᠷᠡᠭᠯᠡᠭᠡᠨ ᠤ ᠪᠦᠷᠢᠳᠬᠡᠯ ᠤᠨ ᠤᠬᠠᠭᠠᠨ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ 3 ᠵᠢᠩᠬᠢᠨᠢ ᠠᠩᠭᠢ ᠶᠢᠨ ᠮᠡᠷᠭᠡᠵᠢᠯ ᠢ ᠨᠡᠮᠡᠭᠰᠡᠨ ᠨᠢ ᠮᠡᠷᠭᠡᠵᠢᠯ ᠤᠨ ᠪᠦᠲᠦᠴᠡ ᠶᠢᠨ ᠲᠣᠬᠢᠷᠠᠭᠤᠯᠤᠯᠲᠠ ᠪᠠ | ᠰᠢᠯᠢᠳᠡᠭᠵᠢᠭᠦᠯᠦᠯᠲᠡ ᠶᠢᠨ ᠰᠢᠨ᠎ᠡ ᠰᠢᠪᠲᠤᠯᠤᠯᠲᠠ ᠪᠣᠯᠤᠭᠰᠠᠨ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠮᠠᠲ᠋ᠧᠷᠢᠶᠠᠯ ᠤᠨ ᠠᠵᠤ | ᠦᠢᠯᠡᠰ ᠲᠤ ᠦᠢᠯᠡᠴᠢᠯᠡᠬᠦ ᠶᠢᠨ ᠲᠣᠭᠤᠷᠢᠨ ᠳᠤ ᠰᠢᠨ᠎ᠡ ᠪᠠᠷ ᠨᠡᠮᠡᠵᠦ ᠪᠠᠶᠢᠭᠤᠯᠤᠭᠰᠠᠨ ︽ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ | ᠢᠨᠵᠧᠨᠧᠷᠢᠩ︾ ᠨᠢ ᠬᠠᠮᠤᠭ ᠤᠨ ᠰᠢᠨ᠎ᠡ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠮᠡᠷᠭᠡᠵᠢᠯ ᠤᠨ ᠭᠠᠷᠴᠠᠭ︾ ᠲᠤ | ᠵᠢᠭᠰᠠᠭᠠᠭᠳᠠᠪᠠ᠂ ᠡᠨᠡ ᠪᠣᠯ ᠲᠣᠰ ᠰᠤᠷᠭᠠᠭᠤᠯᠢ ᠶᠢᠨ ᠵᠥᠪᠰᠢᠶᠡᠷᠡᠯ ᠣᠯᠣᠭᠰᠠᠨ ᠠᠩᠬᠠᠳᠠᠭᠴᠢ ᠰᠤᠷᠭᠠᠨ ᠬᠥᠮᠦᠵᠢᠯ ᠤᠨ ᠶᠠᠮᠤᠨ ᠤ ᠭᠠᠷᠴᠠᠭ ᠠᠴᠠ ᠭᠠᠳᠠᠨᠠᠬᠢ ᠰᠢᠨ᠎ᠡ | ᠮᠡᠷᠭᠡᠵᠢᠯ ᠪᠣᠯᠣᠨ᠎ᠠ᠃ | ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠡᠳᠡᠭᠡᠷ 4 ᠮᠡᠷᠭᠡᠵᠢᠯ ᠨᠢ 2024 ᠣᠨ ᠠᠴᠠ ᠡᠬᠢᠯᠡᠨ | ᠰᠣᠷᠣᠭᠴᠢ ᠡᠯᠰᠡᠬᠦ ᠪᠣᠯᠣᠨ᠎ᠠ᠃ ᠳᠠᠷᠠᠭ᠎ᠠ ᠪᠠᠷ᠂ ᠲᠣᠰ ᠰᠤᠷᠭᠠᠭᠤᠯᠢ ᠨᠢ ᠤᠯᠤᠰ ᠪᠠ ᠣᠷᠣᠨ ᠪᠦᠰᠡ ᠶᠢᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠵᠣᠯᠭᠠᠭᠤᠯᠵᠤ᠂ | ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠠᠪᠠᠭᠤᠯᠢᠭ ᠣᠨᠴᠠᠯᠢᠭᠲᠤ ᠮᠡᠷᠭᠡᠵᠢᠯ ᠤᠨ | ᠪᠦᠯᠦᠭᠵᠢᠯ ᠢ ᠬᠦᠴᠦᠷᠬᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ | | | | | | |