| | | | | | ᠨᠡᠶᠢᠲᠡᠯᠡᠭᠰᠡᠨ ᠴᠠᠭ᠄ | | 2024/3/29 | | | 3 ᠰᠠᠷ᠎ᠠ ᠶᠢᠨ 28 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ | ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠳᠤᠯᠭᠠᠨ ᠤ ᠲᠥᠪ ᠤᠨ ᠡᠷᠭᠢᠯᠡᠭᠴᠢ ᠵᠠᠩ ᠵᠠᠨ ᠪᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠪᠦᠦ | ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠬᠤᠸᠠᠩ ᡁᠢ ᠴᠢᠶᠠᠩ ᠪᠢᠴᠢᠭ ᠢᠶᠠᠷ ᠦᠭᠡ ᠬᠡᠯᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ | ᠥᠭᠦᠯᠡᠯᠲᠡ ᠪᠣᠯ ᠮᠠᠷᠺᠰ ᠤᠨ ᠦᠵᠡᠯ ᠤᠨ ᠦᠢᠯᠡᠳᠪᠦᠷᠢᠯᠡᠯ ᠤᠨ ᠬᠦᠴᠦᠨ ᠤ ᠤᠨᠤᠯ ᠤᠨ ᠰᠢᠨ᠎ᠡ ᠡᠭᠦᠳᠦᠯᠲᠡ ᠪᠠ ᠬᠥᠭᠵᠢᠯᠲᠡ ᠮᠥᠨ᠂ ᠮᠠᠨ ᠤ ᠨᠠᠮ ᠤᠨ | ᠦᠢᠯᠡᠳᠪᠦᠷᠢᠯᠡᠯ ᠤᠨ ᠬᠦᠴᠦᠨ ᠤ ᠲᠤᠬᠠᠢ ᠲᠠᠨᠢᠯᠲᠠ ᠪᠠᠰᠠ ᠨᠢᠭᠡ ᠤᠳᠠᠭ᠎ᠠ ᠶᠢᠨ ᠦᠰᠦᠷᠦᠯᠲᠡ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠪᠢᠳᠡ ᠰᠢ ᠶᠢᠨ | ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠡᠨᠡ ᠬᠦ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠶᠠᠭᠤ ᠪᠤᠯᠬᠤ᠂ | ᠶᠠᠭᠠᠬᠢᠭᠠᠳ︾ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ︽ᠶᠠᠭᠠᠬᠢᠵᠤ ᠦᠵᠡᠬᠦ᠂ ᠶᠠᠭᠠᠬᠢᠪᠠᠯ ᠵᠣᠬᠢᠬᠤ︾ ᠶᠢ ᠲᠣᠳᠣᠷᠬᠠᠢ ᠪᠤᠳᠤᠵᠤ᠂ ᠲᠡᠭᠦᠨ ᠤ | ᠦᠢᠯᠡᠳᠦᠯᠭᠡ ᠶᠢᠨ ᠱᠠᠭᠠᠷᠳᠠᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠪᠡ᠃ | ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠡᠷᠬᠡᠪᠰᠢ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ᠃ ᠮᠠᠨ ᠤ ᠣᠷᠣᠨ ᠳᠤ ᠬᠡᠳᠦᠶᠢᠪᠡᠷ ᠭᠠᠵᠠᠷ ᠰᠠᠢ ᠦᠭᠡᠢ ᠨᠡᠭᠦᠷᠡᠰᠦ ᠪᠤᠯᠪᠠᠴᠤ ᠠᠯᠢ ᠨᠢᠭᠡ ᠡᠳᠦᠷ ᠮᠠᠯᠲᠠᠵᠤ ᠳᠠᠭᠤᠰᠤᠨ᠎ᠠ᠂ ᠬᠡᠳᠦᠶᠢᠪᠡᠷ ︽ᠰᠠᠯᠬᠢ | ᠭᠡᠷᠡᠯ︾ ᠬᠢᠵᠠᠭᠠᠷ ᠦᠭᠡᠢ ᠪᠤᠯᠪᠠᠴᠤ ᠠᠯᠢ ᠨᠢᠭᠡ ᠡᠳᠦᠷ ᠵᠠᠬ᠎ᠠ ᠳᠡᠯᠭᠡᠭᠦᠷ ᠬᠠᠩᠬᠤ ᠶᠤᠮ᠃ ᠪᠢᠳᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ | ᠤᠷᠢᠳᠴᠢᠯᠠᠨ ᠪᠠᠶᠢᠷᠢᠯᠠᠭᠤᠯᠵᠤ᠂ ᠪᠣᠳᠠᠲᠠᠢ ᠶᠢ ᠡᠷᠬᠢᠮᠯᠡᠨ ᠠᠬᠢᠭᠤᠯᠵᠤ᠂ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠲᠦᠷᠦᠭᠦᠦ | ᠠᠯᠬᠤᠮ ᠢ ᠰᠠᠶᠢᠲᠤᠷ ᠲᠠᠯᠪᠢᠵᠤ᠂ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠡᠮᠡᠴᠡᠨ ᠣᠯᠬᠤ ᠰᠠᠨᠠᠭᠠᠴᠢᠯᠠᠭᠠᠲᠤ ᠲᠠᠶᠢᠨ ᠢ ᠰᠠᠶᠢᠲᠤᠷ ᠬᠢᠬᠦ ᠬᠡᠷᠡᠭᠲᠡᠢ | ᠭᠡᠪᠡ᠃ | ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠡᠷᠬᠡᠪᠰᠢ ᠶᠡᠭᠡ ᠦᠢᠯᠡᠰ ᠢ ᠪᠦᠲᠦᠭᠡᠵᠦ | ᠴᠢᠳᠠᠨ᠎ᠠ᠃ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠲᠣᠪᠣᠶᠢᠮ᠎ᠠ ᠪᠠᠶᠢᠵᠤ᠂ | ᠮᠠᠰᠢ ᠤᠯᠠᠨ ᠠᠵᠤ ᠦᠢᠯᠡᠰ ᠪᠦᠭᠦ ᠤᠯᠤᠰ ᠲᠤ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ ᠵᠠᠷᠢᠮ ᠬᠦᠷᠢᠶᠡᠨ ᠳᠤ ᠪᠠᠰᠠ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠂ | ᠡᠨᠡ ᠬᠡᠳᠦᠨ ᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠤ ᠶᠡᠭᠡ ᠪᠠᠷ ᠳᠡᠭᠡᠭᠰᠢᠯᠡᠪᠡ᠂ ᠡᠳᠡᠭᠡᠷ ᠨᠥᠬᠦᠴᠡᠯ ᠢ ᠰᠠᠶᠢᠲᠤᠷ | ᠠᠰᠢᠭᠯᠠᠪᠠᠯ᠂ ᠮᠠᠰᠢ ᠤᠯᠠᠨ ᠬᠦᠷᠢᠶᠡᠨ ᠳᠤ ᠪᠦᠷ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠴᠢᠳᠠᠨ᠎ᠠ᠃ ᠪᠢᠳᠡ ︽ᠪᠢ | ᠬᠥᠮᠥᠨ ᠢ ᠬᠦᠷᠬᠦ ᠦᠭᠡᠢ︾ ᠭᠡᠬᠦ ᠦᠵᠡᠯᠲᠡ ᠪᠠᠨ ᠲᠠᠶᠠᠭᠳᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠱᠠᠯᠠᠪᠳᠠᠨ ᠠᠳᠬᠤᠵᠤ | ᠲᠦᠷᠭᠡᠨ ᠬᠢᠵᠦ᠂ ᠡᠷᠲᠡᠬᠡᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃ | ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠨᠡᠩ ᠴᠤ ᠵᠣᠷᠢᠭᠲᠠᠢ ᠬᠢᠵᠦ ᠴᠢᠳᠠᠮᠠᠭᠠᠢ | ᠠᠵᠢᠯᠯᠠᠬᠤ ᠬᠡᠷᠡᠭᠲᠡᠢ᠃ ᠮᠠᠨ ᠤ ᠣᠷᠣᠨ ᠪᠣᠯ ᠬᠥᠭᠵᠢᠭᠡᠳᠦᠢ ᠭᠠᠵᠠᠷ ᠣᠷᠣᠨ ᠪᠣᠯᠬᠤᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠡᠷᠬᠡᠪᠰᠢ ᠥᠷᠯᠥᠭᠡ ᠦᠳᠡᠰᠢ ᠶᠢ ᠲᠡᠮᠡᠴᠡᠨ᠂ ᠵᠣᠷᠢᠭᠲᠠᠢ ᠰᠦᠪᠡᠭᠴᠢᠯᠡᠨ | ᠦᠢᠯᠡᠳᠦᠯᠭᠡᠵᠢᠭᠦᠯᠬᠦ ᠬᠡᠷᠡᠭᠲᠡᠢ᠃ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ᠂ ᠮᠠᠨ ᠤ ᠣᠷᠣᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠦᠴᠦᠯᠡᠬᠦ ᠭᠤᠣᠯᠳᠠᠯᠭ᠎ᠠ ᠵᠢᠴᠢ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠢᠩᠭ᠎ᠠ ᠲᠦᠰᠢᠭᠯᠡᠨ ᠤᠯᠠᠮᠵᠢᠯᠠᠯᠲᠤ ᠠᠵᠤ ᠦᠢᠯᠡᠰ ᠢ ᠲᠦᠷᠭᠡᠨ ᠥᠭᠡᠷᠡᠴᠢᠯᠡᠨ ᠳᠡᠰ ᠳᠡᠪᠰᠢᠭᠦᠯᠵᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ | ᠲᠥᠷᠥᠯ ᠤᠨ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠲᠦᠭᠵᠢᠷᠡᠯ | ᠴᠡᠭ ᠬᠤᠷᠢᠭ᠎ᠠ ᠴᠡᠭ ᠤᠨ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠲᠠᠯ᠎ᠠ ᠪᠠᠷ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠡᠨᠡ ᠬᠦ ᠬᠠᠲᠠᠭᠤ ᠶᠣᠰᠣ ᠶᠢ ᠪᠠᠲᠤ ᠴᠡᠭᠡᠵᠢᠯᠡᠵᠦ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠦᠷᠦᠯ ᠬᠤᠪᠢᠶᠠᠨ ᠵᠢᠯᠤᠭᠤᠳᠬᠤ ᠶᠢ | ᠪᠠᠷᠢᠮᠲᠠᠯᠠᠵᠤ᠂ ᠪᠦᠳᠦᠭᠦᠯᠢᠭ ᠢᠶᠠᠷ ᠥᠷᠭᠡᠳᠬᠡᠬᠦ᠂ ᠳᠣᠣᠷ᠎ᠠ ᠪᠦᠲᠦᠮᠵᠢᠲᠡᠢ ᠪᠠᠷ ᠬᠥᠭᠵᠢᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ︽ᠰᠢᠨ᠎ᠡ ᠯᠣᠩᠬᠤᠨ ᠳᠤ | ᠬᠠᠭᠤᠴᠢᠨ ᠠᠷᠢᠬᠢ ᠰᠠᠪᠠᠯᠠᠬᠤ︾ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ︽ᠰᠠᠭᠰᠤ︾ ᠲᠡᠳᠦᠢ ᠪᠤᠯᠭᠠᠵᠤ᠂ ᠶᠠᠭᠤ | ᠪᠣᠯᠭᠠᠨ ᠢ ᠴᠤ ᠰᠠᠪᠠᠯᠠᠵᠤ ᠪᠤᠯᠬᠤ ᠦᠭᠡᠢ ᠭᠡᠪᠡ᠃ | | | | |