ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/3/29

      3 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ

ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ᠂ ᠢᠳᠡᠭᠡᠨ

ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ

ᠰᠤᠷᠤᠯᠴᠠᠯᠭ᠎ᠠ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ

ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠳᠤᠯ ᠦᠭᠡᠢ ᠴᠠᠭᠢᠯᠭᠠᠨ ᠢ

ᠪᠠᠭᠲᠠᠭᠠᠨ ᠰᠢᠩᠭᠡᠭᠡᠬᠦ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ

ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ

ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠰᠠᠶᠢᠨ ᠦᠷ᠎ᠡ ᠶᠢ ᠪᠣᠶᠢᠵᠢᠭᠤᠯᠤᠨ ᠳᠡᠯᠭᠡᠷᠡᠭᠦᠯᠬᠦ ᠶᠢ

ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ

ᠴᠢᠩᠭᠠᠳᠬᠠᠵᠤ᠂ ᠡᠯ᠎ᠡ ᠳᠡᠳ᠋ ᠲᠡᠷᠢᠭᠦᠯᠡᠭᠴᠢ ᠲᠦᠷᠦᠭᠦᠯᠡᠨ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠡᠷᠢᠵᠦ᠂ ᠠᠵᠢᠯᠴᠢᠨ ᠬᠡᠷᠡᠭᠯᠡᠵᠦ᠂

ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠵᠠᠬ᠎ᠠ ᠳᠡᠯᠭᠡᠭᠦᠷ ᠡᠷᠢᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂

ᠤᠷᠤᠯᠳᠤᠭᠠᠨ ᠤ ᠵᠠᠮ ᠤᠨ ᠴᠡᠭ ᠢ ᠣᠨᠣᠪᠴᠢᠲᠠᠢ ᠡᠷᠢᠵᠦ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠢᠨᠵᠢᠯᠡᠬᠦ

ᠤᠬᠠᠭᠠᠨ ᠤ ᠰᠤᠳᠤᠯᠭᠠᠨ ᠤ ᠪᠦᠯᠭᠦᠮ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠨᠢᠭᠡ ᠪᠦᠯᠦᠭ ᠤᠯᠠᠷᠢᠭᠤᠯᠤᠨ ᠨᠠᠶᠢᠳᠠᠪᠤᠷᠢᠵᠢᠭᠤᠯᠤᠭᠰᠠᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ

ᠪᠠᠲᠤᠯᠠᠵᠤ᠂ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠡᠬᠢ ᠡᠭᠦᠰᠦᠯ ᠠᠴᠠ ᠨᠢ ᠴᠡᠪᠡᠷᠰᠢᠭᠦᠯᠬᠦ᠂

ᠭᠤᠣᠯᠳᠠᠯᠭ᠎ᠠ ᠲᠠᠢ ᠭᠠᠵᠠᠷ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ︽ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ

ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠰᠠᠶᠢᠬᠠᠨ ᠦᠨᠦᠷ ᠠᠮᠲᠠ︾᠎ ᠶᠢᠨ ᠲᠥᠷᠥᠯ ᠲᠡᠮᠳᠡᠭ ᠤᠨ ᠳᠦᠷᠢ ᠲᠥᠷᠬᠦ ᠶᠢ

ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ

ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠢᠮᠠᠨ ᠪᠤᠯᠬᠤ ᠦᠭᠡᠢ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠳᠤ

ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠥᠷᠢ ᠥᠭᠴᠡᠭᠡ ᠶᠢ ᠦᠨᠡᠨ ᠪᠣᠳᠠᠲᠠᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠦ

ᠴᠢᠬᠤᠯᠠᠴᠢᠯᠠᠪᠠ᠃

      ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ ᠲᠣᠬᠢᠷᠠᠭᠤᠯᠬᠤ ᠲᠥᠰᠥᠯ ᠢ ᠰᠤᠳᠤᠯᠵᠤ᠂ ᠠᠵᠤ

ᠦᠢᠯᠡᠰ ᠤᠨ ᠲᠦᠷᠦᠯ ᠵᠦᠢᠯ ᠢ ᠤᠨᠢᠨ ᠳᠡᠭᠡᠷ᠎ᠡ ᠨᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢ ᠳᠤ ᠲᠠᠯᠠᠷᠬᠠᠬᠤ ᠰᠡᠳᠬᠢᠯᠭᠡ ᠪᠠᠷ ᠬᠤᠪᠣᠷ

ᠨᠠᠨᠳᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ᠭᠡᠮ ᠰᠣᠭᠤᠭ ᠲᠠᠢ ᠠᠵᠢᠯᠯᠠᠬᠤ︾᠎ ᠶᠢ ᠲᠤᠰᠬᠠᠢ ᠴᠡᠭᠴᠡᠯᠡᠨ ᠵᠠᠰᠠᠬᠤ ᠲᠥᠰᠥᠯ ᠢ

ᠬᠢᠨᠠᠨ ᠵᠥᠪᠯᠡᠵᠦ ᠪᠠᠲᠤᠯᠠᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠬᠡᠷᠡᠭᠵᠢᠭᠦᠯᠬᠦ ᠲᠠᠢ ᠤᠶᠠᠯᠳᠤᠭᠤᠯᠤᠨ᠂

ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠠᠰᠠᠷ ᠤᠨ ᠳᠣᠲᠣᠷ᠎ᠠ ᠭᠠᠳᠠᠨᠠᠬᠢ᠂ ᠲᠣᠨᠤᠭ ᠲᠥᠬᠦᠭᠡᠷᠦᠮᠵᠢ ᠤᠭᠰᠠᠷᠠᠭ᠎ᠠ ᠲᠣᠨᠤᠭ ᠢ ᠨᠢᠭᠡ ᠴᠣᠭᠴᠠᠵᠢᠭᠤᠯᠤᠨ ᠵᠢᠭᠰᠠᠭᠠᠨ

ᠪᠠᠶᠢᠴᠠᠭᠠᠵᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠ ᠨᠠᠷᠢᠯᠢᠭ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ

ᠴᠢᠬᠤᠯᠠᠴᠢᠯᠠᠪᠠ᠃

      ᠬᠤᠷᠠᠯ ᠠᠴᠠ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠳᠬᠡᠨ ᠲᠠᠭᠢᠨ ᠪᠠᠶᠢᠭᠤᠯᠬᠤ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ