ᠮᠠᠨ ᠤ ᠣᠷᠣᠨ ᠤ 6700 ᠭᠠᠷᠤᠢ ᠰᠤᠷᠭᠠᠭᠤᠯᠢ ᠴᠡᠴᠡᠷᠯᠢᠭ ᠠᠮᠤᠷ ᠲᠦᠪᠰᠢᠨ ᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/29

      3 ᠰᠠᠷ᠎ᠠ ᠶᠢᠨ 25᠎ ᠤ ᠡᠳᠦᠷ᠂ ︽ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠴᠤ᠂ ᠪᠠᠴᠢᠮ

ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠭᠦ︾᠎ ᠪᠠᠷ ᠭᠤᠣᠯ ᠰᠡᠳᠦᠪ ᠪᠤᠯᠭᠠᠬᠰᠠᠨ ᠪᠦᠭᠦ ᠣᠷᠣᠨ ᠤ ᠳᠤᠮᠳᠠᠳᠤ ᠪᠠᠭ᠎ᠠ

ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠶᠢᠨ

ᠡᠭᠢᠯᠡᠯᠲᠡ ᠶᠢᠨ ᠶᠣᠰᠣᠯᠠᠯ ᠭᠦᠭᠡᠬᠤᠲᠠ ᠳᠤ ᠶᠠᠪᠤᠭᠳᠠᠵᠤ᠂ ᠪᠦᠭᠦ ᠣᠷᠣᠨ ᠤ 6700 ᠭᠠᠷᠤᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠵᠡᠷᠭᠡᠪᠡᠷ

ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠪᠠ᠃

      ᠲᠣᠰ ᠤᠳᠠᠭᠠᠨ ᠤ ᠰᠣᠷᠢᠯᠲᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠴᠢᠮ

ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ

ᠠᠩᠭᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠪᠦᠭᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ

ᠠᠮᠤᠷ ᠲᠦᠪᠰᠢᠨ ᠤ ᠬᠥᠮᠦᠵᠢᠯ ᠤᠨ ᠭᠠᠷᠠᠭ︾ ᠪᠠ ᠥᠪᠡᠷᠲᠡᠭᠡᠨ ᠵᠠᠰᠠᠬᠤ ᠣᠷᠣᠨ ᠤ ︽ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ

ᠤᠬᠠᠭᠤᠯᠭ᠎ᠠ ᠶᠢᠨ ᠰᠠᠷ᠎ᠠ︾᠎ ᠲᠠᠢ ᠤᠶᠠᠯᠳᠤᠭᠤᠯᠤᠨ ᠥᠷᠨᠢᠭᠦᠯᠦᠭᠰᠡᠨ ᠪᠠᠶᠢᠨ᠎ᠠ᠃ ᠰᠣᠷᠢᠯᠲᠠ ᠪᠠᠷ ᠳᠡᠮᠵᠢᠨ᠂ ᠪᠦᠭᠦ ᠣᠷᠣᠨ ᠤ ᠭᠠᠯ ᠰᠡᠷᠭᠡᠶᠢᠯᠡᠵᠦ ᠭᠠᠯ

ᠤᠨᠲᠠᠷᠠᠭᠠᠬᠤ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠳᠤ ᠣᠷᠣᠭᠤᠯᠬᠤ ᠠᠵᠢᠯ ᠢ

ᠦᠷᠭᠦᠯᠵᠢᠯᠡᠨ ᠠᠬᠢᠭᠤᠯᠵᠤ᠂ ᠪᠦᠭᠦ ᠪᠠᠭᠰᠢ ᠰᠤᠷᠤᠬᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ

ᠲᠤᠰᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠣᠯᠭᠠᠵᠠᠢ᠃

      ᠡᠭᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠭᠠᠯ

ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠡᠯ᠎ᠡ

ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢ ᠪᠣᠯᠣᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠭᠰᠢ ᠨᠠᠷ ᠪᠣᠳᠠᠲᠤ

ᠪᠠᠶᠢᠳᠠᠯ ᠪᠣᠯᠣᠨ ᠳᠠᠭᠤᠷᠢᠶᠠᠮᠠᠯ ᠭᠡᠯᠪᠡᠷᠢ ᠶᠢ ᠤᠶᠠᠯᠳᠤᠭᠤᠯᠬᠤ ᠠᠷᠭ᠎ᠠ ᠪᠠᠷ᠂ ᠰᠤᠷᠤᠬᠴᠢᠳ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠪᠤᠶᠤ ᠲᠦᠷᠭᠡᠨ ᠲᠠᠷᠬᠠᠭᠠᠬᠤ᠂

ᠠᠩᠬ᠎ᠠ ᠨᠣᠴᠣᠵᠤ ᠪᠠᠶᠢᠭ᠎ᠠ ᠭᠠᠯ ᠢ ᠤᠨᠲᠠᠷᠠᠭᠠᠬᠤ᠂ ᠵᠢᠷᠦᠬᠡ ᠠᠭᠤᠰᠬᠢ ᠶᠢᠨ ᠠᠵᠢᠯᠯᠠᠭ᠎ᠠ ᠶᠢ ᠰᠡᠷᠭᠦᠭᠡᠬᠦ᠂ ᠠᠮᠢᠰᠬᠤᠯ ᠤᠨ ᠵᠠᠮ ᠤᠨ ᠲᠦᠭᠵᠢᠷᠡᠯ ᠠᠴᠠ ᠠᠪᠤᠷᠠᠬᠤ

ᠠᠷᠭ᠎ᠠ᠂ ᠤᠲᠤᠭ᠎ᠠ ᠲᠠᠢ ᠵᠠᠮ ᠢᠶᠠᠷ ᠠᠮᠢ ᠵᠢᠭᠤᠲᠠᠬᠤ ᠵᠡᠷᠭᠡ ᠲᠤᠬᠠᠢ ᠶᠢᠨ ᠲᠠᠯᠠᠪᠤᠷ ᠤᠨ ᠰᠣᠷᠢᠯᠲᠠ ᠬᠢᠵᠡᠢ᠃ ᠰᠣᠷᠢᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ

ᠬᠦᠷᠢᠶᠡᠨ ᠤ ᠠᠮᠢᠳᠤᠷᠠᠯ ᠲᠠᠢ ᠣᠶᠢᠷᠠᠲᠤᠵᠤ᠂ ᠪᠠᠭᠰᠢ ᠰᠤᠷᠤᠬᠴᠢᠳ ᠲᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠦᠨᠳᠦᠰᠦᠨ ᠠᠷᠭ᠎ᠠ ᠶᠢ ᠦᠨᠡᠨ ᠬᠦ

ᠡᠵᠡᠮᠰᠢᠭᠦᠯᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ