ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ | ᠳᠠᠩᠰᠠᠯᠠᠭᠤᠯᠤᠭᠰᠠᠨ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠪᠡ᠂ ᠲᠤᠰ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ 52 ᠵᠢᠩᠬᠢᠨᠢ | ᠠᠩᠭᠢ ᠶᠢᠨ ᠲᠤᠰᠬᠠᠢ ᠮᠡᠷᠭᠡᠵᠢᠯ ᠳᠤ ᠲᠣᠬᠢᠷᠠᠭᠤᠯᠤᠯᠲᠠ ᠬᠢᠵᠦ᠂ 11 ᠶᠡᠭᠡ ᠳᠡᠭᠡᠳᠦ ᠰᠤᠷᠭᠠᠭᠤᠯᠢ ᠳᠤ 22 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ︵ᠡᠭᠦᠨ ᠳᠤ | ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠡᠮᠴᠢᠯᠡᠭᠡᠨ ᠤ ᠲᠥᠷᠥᠯ ᠤᠨ ᠲᠤᠰᠬᠠᠢ ᠮᠡᠷᠭᠡᠵᠢᠯ 16 ᠪᠤᠶ︶ ᠨᠡᠮᠡᠵᠦ᠂ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ | 30 ᠬᠠᠰᠤᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠲᠠᠢ ᠨᠢᠭᠲᠠ ᠵᠣᠯᠭᠠᠭᠤᠯᠪᠠ᠃ | ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ | ᠲᠤᠰᠬᠠᠢ ᠮᠡᠷᠭᠡᠵᠢᠯ ᠤᠨ ᠵᠣᠬᠢᠴᠠᠬᠤ ᠴᠢᠨᠠᠷᠲᠠᠢ ᠲᠣᠬᠢᠷᠠᠭᠤᠯᠤᠯᠲᠠ᠂ ᠪᠠᠷᠠᠯᠠᠯᠳᠤ ᠴᠢᠨᠠᠷᠲᠠᠢ ᠪᠠᠶᠢᠷᠢᠰᠢᠭᠤᠯᠤᠯᠲᠠ ᠪᠣᠯᠣᠨ ᠪᠦᠲᠦᠴᠡ ᠶᠢᠨ ᠴᠢᠨᠠᠷᠲᠠᠢ ᠬᠤᠪᠢᠰᠤᠯᠲᠠ ᠶᠢ | ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠵᠦ᠂ ᠶᠡᠭᠡ | ᠳᠡᠭᠡᠳᠦ ᠰᠤᠷᠭᠠᠭᠤᠯᠢ ᠶᠢᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠪᠡ᠃ ᠲᠣᠰ ᠤᠳᠠᠭᠠᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠳᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ | ᠮᠡᠷᠭᠡᠵᠢᠯ ᠤᠨ ᠪᠠᠶᠢᠭᠤᠯᠤᠯᠲᠠ ᠶᠢ ᠲᠣᠭᠲᠠᠪᠤᠷᠢᠵᠢᠭᠤᠯᠬᠤ ᠶᠢᠨ ᠬᠠᠮᠲᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ | ᠪᠦᠯᠦᠭᠵᠢᠯ ᠳᠤ ᠦᠢᠯᠡᠴᠢᠯᠡᠬᠦ ᠲᠣᠭᠤᠷᠢᠨ ᠳᠤ᠂ ᠣᠲᠣ ᠶᠢᠨ ᠪᠠᠶᠢᠭ᠎ᠠ ᠲᠤᠰᠬᠠᠢ ᠮᠡᠷᠭᠡᠵᠢᠯ ᠵᠢᠴᠢ ᠲᠠᠷᠬᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠲᠣᠬᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠠᠮᠢᠶ᠎ᠠ ᠪᠦᠬᠦᠢ ᠠᠵᠤ ᠦᠢᠯᠡᠰ ᠤᠨ ᠲᠤᠰᠬᠠᠢ ᠮᠡᠷᠭᠡᠵᠢᠯ᠂ ᠳᠠᠪᠠᠭᠤᠯᠢᠭ ᠪᠠ ᠣᠨᠴᠠᠯᠢᠭᠲᠤ ᠲᠤᠰᠬᠠᠢ | ᠮᠡᠷᠭᠡᠵᠢᠯ ᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠳᠠᠪᠠᠭᠤᠯᠢᠭ ᠣᠨᠴᠠᠯᠢᠭᠲᠤ ᠲᠤᠰᠬᠠᠢ ᠮᠡᠷᠭᠡᠵᠢᠯ ᠤᠨ ᠪᠦᠯᠦᠭᠵᠢᠯ ᠢ ᠡᠭᠦᠳᠪᠡ᠃ | ᠡᠭᠦᠨ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ | ᠮᠠᠲ᠋ᠧᠷᠢᠶᠠᠯ ᠤᠨ ᠠᠵᠤ ᠦᠢᠯᠡᠰ ᠲᠤ ᠦᠢᠯᠡᠴᠢᠯᠡᠬᠦ ᠲᠣᠭᠤᠷᠢᠨ ᠳᠤ᠂ ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ | ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠪᠡ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠯᠤᠰ ᠰᠡᠷᠡᠯ ᠤᠨ ᠰᠢᠨᠵᠢᠯᠡᠬᠦ ᠤᠬᠠᠭᠠᠨ ᠬᠢᠭᠡᠳ | ᠮᠡᠷᠭᠡᠵᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ᠂ ᠭᠠᠵᠠᠷ | ᠰᠢᠷᠣᠢ ᠶᠢᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ | ᠬᠢᠮᠢ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠡᠮ ᠦᠢᠯᠡᠳᠬᠦ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳᠡᠭᠡᠳᠦ ᠰᠤᠷᠭᠠᠭᠤᠯᠢ ᠶᠢᠨ ᠰᠢᠨ᠎ᠡ ᠵᠠᠭᠤᠴᠢᠯᠠᠭᠤᠷ ᠤᠨ ᠮᠡᠷᠭᠡᠵᠢᠯ ᠵᠡᠷᠭᠡ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ | ᠪᠦᠯᠦᠭᠵᠢᠯ ᠯᠦᠭᠡ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠥᠨᠳᠥᠷ 6 ᠲᠤᠰᠬᠠᠢ ᠮᠡᠷᠭᠡᠵᠢᠯ ᠢ ᠮᠠᠨ ᠤ ᠣᠷᠣᠨ ᠳᠤ ᠠᠩᠬ᠎ᠠ ᠤᠳᠠᠭ᠎ᠠ ᠪᠠᠶᠢᠷᠢᠯᠠᠭᠤᠯᠪᠠ᠃ ᠡᠭᠦᠨ ᠤ | ᠬᠠᠮᠲᠤ᠂ ᠣᠶᠢᠷ᠎ᠠ ᠶᠢᠨ ᠵᠢᠯ ᠠᠴᠠ ᠨᠠᠭᠠᠰᠢᠬᠢ ᠠᠵᠢᠯ ᠣᠯᠭᠤᠯᠲᠠ ᠶᠢᠨ ᠨᠣᠷᠮ᠎ᠠ ᠪᠠᠷ ᠨᠡᠯᠢᠶᠡᠳ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠯᠦᠭᠡ ᠲᠣᠬᠢᠷᠠᠯᠴᠠᠬᠤ ᠪᠠᠷ ᠠᠨᠠᠢ᠂ ᠰᠤᠷᠭᠠᠭᠤᠯᠢ ᠡᠷᠭᠢᠯᠡᠭᠦ ᠰᠠᠭᠤᠷᠢ ᠪᠠᠭᠤᠷᠠᠢ 30 ᠲᠤᠰᠬᠠᠢ ᠮᠡᠷᠭᠡᠵᠢᠯ ᠢ ᠬᠠᠰᠤᠪᠠ᠃ ᠡᠭᠦᠨ ᠤ | ᠤᠯᠠᠮ ᠢᠶᠠᠷ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠪᠦᠲᠦᠴᠡ ᠰᠢᠯᠢᠳᠡᠭᠵᠢᠵᠦ᠂ ᠳᠠᠪᠠᠭᠤᠯᠢᠭ | ᠣᠨᠴᠠᠯᠢᠭ ᠤᠯᠠᠮ ᠨᠢᠭᠡ ᠠᠯᠬᠤᠮ ᠲᠣᠪᠣᠶᠢᠮ᠎ᠠ ᠪᠣᠯᠪᠠ᠃ | | | | |