ᠤᠷᠠᠳ ᠤᠨ ᠬᠤᠶᠢᠳᠤ ᠬᠤᠰᠢᠭᠤ 2024 ᠣᠨ  ᠤ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/4

       ᠦᠢᠷ᠎ᠠ ᠳᠤ᠂ ᠤᠷᠠᠳ ᠤᠨ ᠬᠤᠶᠢᠳᠤ ᠬᠤᠰᠢᠭᠤ 2024 ᠣᠨ ᠤ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃

ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ

ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ ᠣᠷᠣᠯᠴᠠᠵᠠᠢ᠃

       ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ

ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ᠂ ᠲᠣᠰ ᠲᠣᠰ ᠡᠨᠡ ᠵᠢᠯ ᠤᠨ ᠤᠯᠤᠰ ᠲᠥᠷᠥ ᠬᠠᠤᠯᠢ ᠴᠠᠭᠠᠵᠠ᠂ ᠣᠯᠠᠨ ᠲᠦᠮᠡᠨ ᠤ

ᠪᠦᠯᠬᠦᠮ᠂ ᠵᠣᠬᠢᠶᠠᠨ ᠪᠠᠶᠢᠭᠤᠯᠤᠯᠲᠠ᠂ ︽301 ᠰᠢᠨ᠎ᠡ ᠶᠢ ᠡᠭᠦᠳᠬᠦ︾᠂ ᠨᠢᠭᠡᠳᠦᠮᠡᠯ ᠹᠷᠣᠨᠲ᠂ ᠤᠬᠠᠭᠤᠯᠭ᠎ᠠ  ᠵᠡᠷᠬᠡ ᠠᠵᠢᠯ ᠡᠬᠦᠷᠬᠡ ᠪᠠᠨ ᠲᠣᠬᠢᠷᠠᠭᠤᠯᠤᠨ

ᠪᠠᠶᠢᠷᠢᠯᠠᠭᠤᠯᠪᠠ᠃

       ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠶ᠎ᠠ ᠶᠢᠨ ᠰᠠᠯᠠᠭ᠎ᠠ ᠮᠥᠴᠢᠷ ᠨᠢ 7 ︽ᠨᠢᠭᠡᠳᠦᠭᠡᠷ ᠨᠣᠮᠧᠷᠲᠤ ᠢᠨᠵᠧᠨᠧᠷᠢᠩ︾ ᠢᠶᠠᠷ

ᠭᠠᠷᠳᠠᠴᠠ ᠪᠣᠯᠭᠠᠵᠤ᠂ ᠲᠠᠪᠤᠨ ᠶᠡᠭᠡ ᠡᠭᠦᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠪᠠ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ  ᠴᠤᠬᠴᠠᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠡᠭᠦᠷᠭᠡ ᠶᠢ ᠪᠡᠶᠡᠯᠡᠭᠦᠯᠵᠦ᠂ ᠪᠦᠯᠬᠦᠮᠳᠡᠨ ᠲᠡᠮᠡᠴᠡᠵᠦ ᠰᠢᠨ᠎ᠡ ᠪᠠᠶᠢᠳᠠᠯ ᠢ ᠨᠡᠭᠡᠭᠡᠨ᠂ ᠰᠡᠳᠬᠢᠯ ᠢᠶᠠᠨ

ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠰᠢᠨ᠎ᠡ ᠬᠠᠭᠤᠳᠠᠰᠤ ᠶᠢ ᠪᠢᠴᠢᠭᠯᠡᠵᠦ᠂ ᠪᠥᠬᠦ ᠬᠤᠰᠢᠭᠤᠨ ᠤ ᠨᠠᠮ ᠤᠨ ᠠᠵᠢᠯ ᠤᠨ ᠰᠢᠨ᠎ᠡ ᠪᠠᠶᠢᠳᠠᠯ ᠢ

ᠬᠠᠮᠲᠤ ᠪᠠᠷ ᠡᠭᠦᠳᠬᠦ ᠬᠡᠷᠡᠭᠲᠡᠢ ᠬᠡᠪᠠ᠃

       ᠸᠠᠩ ᠶᠢᠨ ᠪᠦᠦ ᠴᠢᠬᠤᠯᠠᠴᠢᠯᠠᠭᠰᠠᠨ ᠨᠢ᠂  ᠴᠢᠩᠭ᠎ᠠ ᠬᠠᠮᠠᠭᠠᠯᠠᠵᠤ᠂ ᠰᠠᠶᠢᠲᠤᠷ ᠵᠠᠰᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ

ᠪᠠᠬᠢᠵᠢᠭᠦᠯᠬᠦ ᠳᠤ ︽ᠤᠰᠤᠨ ᠠᠰᠢᠭᠯᠠᠯᠲᠠ ᠶᠢᠨ ᠨᠢᠭᠡᠳᠦᠭᠡᠷ ᠢᠨᠵᠧᠨᠧᠷᠢᠩ︾  ᠪᠤᠯᠬᠤ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ

ᠪᠥᠬᠦ ᠲᠠᠯ᠎ᠠ ᠪᠠᠷ ᠲᠦᠯᠬᠢᠨ ᠠᠬᠢᠭᠤᠯᠵᠤ᠂ ︽ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ

ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠪᠠᠶᠢᠭ᠎ᠠ ᠠᠭᠤᠷᠬᠠᠢ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ︽ᠲᠤᠯᠤᠭᠠᠨ ᠨᠢᠭᠡ︾ ᠶᠢᠨ

ᠵᠠᠰᠠᠯᠲᠠ ᠶᠢᠨ ᠵᠠᠭᠪᠤᠷ ᠢᠶᠠᠷ ᠬᠠᠲᠤᠨ ᠭᠤᠣᠯ ᠤᠨ ︽  ᠲᠤᠬᠤᠢ︾ ᠶᠢᠨ ᠪᠣᠭᠤᠮᠲᠠ ᠰᠢᠪᠲᠤᠯᠬᠤ ᠲᠡᠶᠢᠨ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ᠃

ᠬᠡᠯᠬᠢᠶ᠎ᠡ ᠶᠢ ᠤᠷᠲᠤᠳᠬᠠᠵᠤ᠂ ᠰᠠᠭᠤᠷᠢᠨ ᠭᠠᠵᠠᠷ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ

ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠤᠯᠠᠮᠵᠢᠯᠠᠯᠲᠤ ᠠᠵᠤ ᠦᠢᠯᠡᠰ ᠤᠨ ︽ᠲᠤᠶᠢᠯᠪᠤᠷᠢᠲᠠᠢ ᠬᠤᠪᠢᠷᠠᠭᠤᠯᠬᠤ︾ ᠶᠢ ᠲᠦᠯᠬᠢᠨ

ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ︽ᠢᠳᠡᠷᠡᠭᠦᠨ ᠳᠣᠷᠪᠢᠲᠠᠢ︾ ᠪᠠᠶᠢᠬᠤ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ  ᠶᠢ

ᠴᠢᠩᠭ᠎ᠠ ᠠᠳᠬᠤᠬᠤ ᠬᠡᠷᠡᠭᠲᠡᠢ᠃ ᠰᠠᠭᠤᠷᠢ ᠶᠢ ᠴᠢᠩᠭᠠᠳᠬᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠲᠠᠷᠢᠶᠠᠯᠠᠩ ᠨᠢ ︽ᠠᠷᠪᠠᠨ ᠵᠠᠭᠤ ᠮᠢᠩᠭᠠᠨ ᠲᠦᠮᠡ︾ ᠶᠢᠨ ᠢᠨᠵᠧᠨᠧᠷᠢᠩ ᠢᠶᠠᠷ

ᠬᠥᠲᠥᠯᠦᠮᠵᠢᠳᠤ ᠲᠠᠷᠢᠶᠠᠯᠠᠩ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠨᠡᠷᠡᠲᠦ ᠲᠡᠮᠳᠡᠭᠲᠦ ᠶᠢ ᠪᠦᠲᠦᠭᠡᠬᠦ ︽ᠭᠤᠷᠪᠠᠨ ᠶᠡᠭᠡ ᠠᠵᠢᠯᠯᠠᠭ᠎ᠠ︾ ᠶᠢ

ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃ ᠮᠠᠯ ᠠᠵᠤ ᠠᠬᠤᠢ ᠳᠤ ︽ᠵᠢᠷᠭᠤᠭᠠᠨ ᠶᠡᠭᠡ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂

ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ᠂ ᠮᠠᠯ ᠠᠵᠤ ᠠᠬᠤᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠪᠠ ᠮᠠᠯᠴᠢᠳ ᠤᠨ ᠠᠮᠢᠳᠤᠷᠠᠯ ᠤᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠬᠦ ︽ᠭᠤᠷᠪᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢ

ᠠᠳᠬᠤᠵᠤ᠂ ᠨᠡᠭᠡᠭᠡᠯᠲᠡ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠬᠤ ᠬᠥᠭᠦᠷᠭᠡᠨ ᠪᠠᠬᠢᠯᠡᠯᠲᠡ ᠳᠡᠭᠡᠷ᠎ᠡ ︽ᠵᠢᠰᠢᠶᠠᠨ ᠤ ᠭᠠᠯᠲᠤ ᠲᠡᠷᠭᠡ + ᠲᠠᠪᠴᠠᠩ

︾ ᠢᠶᠠᠷ ᠳᠠᠮᠵᠢᠨ ᠨᠡᠭᠡᠭᠡᠯᠲᠡ ᠬᠢᠬᠦ ᠵᠠᠮ ᠢ ᠡᠭᠦᠳᠴᠦ᠂ ︽ᠡᠬᠢ ᠪᠠᠶᠠᠯᠢᠭ + ᠠᠵᠢᠯᠯᠠᠭ᠎ᠠ︾ ᠪᠠᠷ ᠳᠠᠮᠵᠢᠨ ᠨᠡᠩ  ᠤᠯᠠᠨ ᠬᠥᠮᠥᠰ ᠤᠨ ᠬᠦᠷᠢᠶᠡᠯᠡᠯ ᠢ ᠨᠢᠭᠲᠠᠷᠠᠭᠤᠯᠵᠤ᠂

︽ᠮᠣᠩᠭᠤᠯ ᠡᠮᠨᠡᠯᠭᠡ + ᠬᠠᠯᠠᠭᠤᠨ ᠷᠠᠰᠢᠶᠠᠨ︾ ᠢᠶᠠᠷ ᠳᠠᠮᠵᠢᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠠᠮᠢᠳᠤᠯᠢᠭ ᠬᠢᠬᠦ ᠬᠡᠷᠡᠭᠲᠡᠢ᠃ ᠠᠷᠠᠳ ᠤᠨ

ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ ᠨᠡᠮᠡᠭᠳᠡᠭᠦᠯᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠡᠭᠡᠷ᠎ᠡ ᠦᠨᠳᠦᠰᠦᠲᠡᠨ ᠤ

ᠪᠦᠯᠬᠦᠮᠳᠡᠯ ᠤᠨ ᠠᠮᠢ ᠨᠠᠰᠤᠨ ᠤ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ᠂ ᠡᠮ ᠡᠮᠨᠡᠯᠭᠡ ᠶᠢ

ᠰᠠᠶᠢᠲᠤᠷ ᠡᠷᠬᠢᠯᠡᠵᠦ᠂ ᠬᠠᠯᠠᠭᠤᠨ ᠳᠤᠯᠠᠭᠠᠨ ᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃

        ᠸᠠᠩ ᠶᠢᠨ ᠪᠦᠦ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠨ ᠬᠥᠭᠵᠢᠯᠲᠡ ᠶᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ

ᠵᠠᠰᠠᠬᠤ ᠶᠢ ᠭᠦᠨᠵᠡᠭᠡᠢ ᠲᠦᠯᠬᠢᠨ ᠠᠬᠢᠭᠤᠯᠬᠤ ᠲᠠᠯ᠎ᠠ ᠪᠠᠷ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠭᠤᠣᠯ ᠰᠡᠳᠦᠪᠲᠦ

ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠪᠠᠷ ᠠᠵᠠ ᠲᠣᠬᠢᠶᠠᠯ

ᠪᠣᠯᠭᠠᠵᠤ᠂ ︽ᠠᠷᠪᠠ ᠶᠢ ᠠᠳᠬᠤᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠪᠠᠶᠢᠭᠤᠯᠤᠯᠲᠠ ᠪᠠ ᠺᠠᠳ᠋ᠷ ᠤᠨ

ᠡᠩᠨᠡᠭᠡᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠤᠣᠰ ᠵᠠᠭᠤᠨ ᠤ ᠢᠨᠵᠧᠨᠧᠷᠢᠩ︾ ᠢ ᠦᠷᠭᠦᠯᠵᠢᠯᠡᠨ ᠥᠷᠨᠢᠭᠦᠯᠦᠨ᠎ᠡ᠃ ᠰᠤᠷᠲᠠᠯ ᠢᠶᠠᠨ ᠬᠤᠪᠢᠷᠠᠭᠤᠯᠵᠤ᠂

ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠶᠡᠬᠡᠪᠡᠷ

ᠠᠵᠢᠯᠯᠠᠵᠤ ᠲᠦᠷᠭᠡᠨ ᠳᠡᠭᠡᠭᠰᠢᠯᠡᠭᠦᠯᠬᠦ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠠᠮ ᠤᠨ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ

ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠳᠤᠮᠳᠠ ᠤᠷᠤᠰᠬᠠᠯ ᠳᠤ ᠪᠦᠬᠦ ᠬᠦᠴᠦᠨ ᠢᠶᠠᠷ ᠢᠶᠠᠨ

ᠭᠠᠪᠰᠢᠭᠠᠶᠢᠯᠠᠨ ᠣᠷᠣᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠨ ᠵᠢᠯ ᠤᠨ ᠡᠭᠦᠷᠭᠡ ᠶᠢ ᠭᠤᠷᠪᠠᠨ ᠵᠢᠯ ᠳᠤ ᠪᠡᠶᠡᠯᠡᠭᠦᠯᠵᠦ᠂ ︽ᠰᠢᠨ᠎ᠡ

ᠬᠤᠶᠢᠲᠤ ᠬᠤᠰᠢᠭᠤ︾ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠵᠠᠬᠡᠶ᠎ᠠ ᠬᠡᠪᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ