ᠤᠷᠠᠳ ᠤᠨ ᠬᠤᠶᠢᠲᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠤᠸᠠᠢ ᠲᠦᠩ ᠪᠠᠷᠠᠭᠠᠨ ᠤ ᠭᠦᠢᠯᠭᠡᠭᠡᠨ ᠤ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/4

 

       ᠦᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠥᠪᠥᠷ ᠮᠣᠩᠭᠤᠯ ᠤᠨ ᠶᠤᠸᠠᠢ ᠲᠦᠩ ᠪᠠᠷᠠᠭᠠᠨ ᠤ ᠭᠦᠢᠯᠭᠡᠭᠡᠨ ᠤ

ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠬᠦ ᠲᠤᠬᠠᠢ  ᠰᠠᠨᠠᠯ ᠢᠶᠠᠨ ᠰᠣᠯᠢᠯᠴᠠᠪᠠ᠃

      ᠸᠠᠩ ᠶᠢᠨ ᠪᠦᠦ  ᠶᠤᠧᠠᠢ ᠲᠦᠩ ᠪᠠᠷᠠᠭᠠᠨ ᠤ ᠬᠦᠢᠯᠬᠡᠬᠡᠨ ᠤ ᠺᠤᠮᠫᠠᠨᠢ ᠶᠢᠨ ᠬᠠᠷᠢᠭᠤᠴᠠᠯᠭᠠᠳᠠᠳ ᠤᠨ ᠠᠶᠢᠯᠴᠢᠯᠠᠵᠤ ᠢᠷᠡᠭᠰᠠᠨ ᠢ ᠪᠠᠶᠠᠷᠯᠠᠨ ᠤᠬᠳᠤᠬᠤ ᠶᠢᠨ

ᠬᠠᠮᠳᠤ᠂ ᠤᠷᠠᠳ ᠤᠨ ᠬᠤᠶᠢᠲᠤ ᠬᠤᠰᠢᠭᠤᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠡᠵᠡᠩᠨᠡᠯᠲᠡ ᠶᠢ ᠬᠠᠯᠠᠮᠵᠢᠯᠠᠨ ᠳᠡᠮᠵᠢᠭᠰᠡᠨ ᠳᠤ

ᠲᠠᠯᠠᠷᠬᠠᠵᠤ ᠪᠠᠶᠢᠬᠤ ᠪᠠᠨ ᠢᠯᠡᠳᠬᠡᠪᠡ᠃

      ᠸᠠᠩ ᠶᠢᠨ ᠪᠦᠦ ᠬᠡᠯᠡᠬᠦ ᠳᠡᠭᠡᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ  ᠭᠠᠯᠳᠤ ᠲᠡᠷᠭᠡ ᠶᠢ ᠪᠠᠶᠢᠩᠭᠤᠵᠢᠭᠤᠯᠤᠨ ᠶᠠᠪᠤᠭᠤᠯᠬᠤ ᠨᠢ ᠤᠷᠠᠳ ᠤᠨ ᠬᠤᠶᠢᠲᠤ

ᠬᠤᠰᠢᠭᠤᠨ ᠤ ︽ᠨᠢᠭᠡ ᠪᠦᠰᠡ ᠨᠢᠭᠡ ᠵᠠᠮ︾ ᠳᠤ ᠭᠦᠨᠵᠡᠭᠡᠢ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ

᠂ ᠵᠡᠭᠦᠨᠰᠢ ᠤᠷᠤᠭᠰᠢᠯᠠᠵᠤ ᠪᠠᠷᠠᠭᠤᠨᠰᠢ ᠠᠶᠠᠯᠠᠬᠤ︾  ᠡᠮᠤᠨ᠎ᠠ  ᠹᠷᠤᠨᠲ ᠶᠢᠨ ᠰᠠᠯᠪᠤᠷᠢ ᠴᠡᠭ ᠢ ᠪᠠᠶᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ

ᠬᠤᠯᠪᠣᠭᠳᠠᠯ ᠲᠠᠢ ᠶᠤᠮ ᠭᠡᠵᠡᠢ᠃ ᠶᠤᠸᠠᠢ ᠲᠦᠩ ᠺᠣᠮᠫᠠᠨᠢ ᠵᠠᠬ᠎ᠠ ᠳᠡᠯᠭᠡᠭᠦᠷ ᠲᠤ ᠭᠦᠨᠵᠡᠭᠡᠶᠢᠷᠡᠨ ᠠᠵᠢᠯᠯᠠᠵᠤ᠂ ᠡᠯᠪᠡᠭ ᠪᠠᠶᠠᠯᠢᠭ ᠡᠵᠡᠩᠨᠡᠯᠲᠡ ᠶᠢᠨ ᠲᠤᠷᠰᠢᠯᠭ᠎ᠠ ᠪᠠ

ᠪᠠᠷᠠᠭᠠᠨ ᠤ ᠢᠷᠡᠯᠲᠡ ᠶᠢᠨ ᠳᠠᠪᠠᠭᠤᠯᠢᠭ ᠲᠠᠢ ᠪᠠᠶᠢᠳᠠᠭ᠂ ᠶᠤᠸᠠᠢ ᠲᠦᠩ ᠪᠠᠷᠠᠭᠠᠨ ᠤ ᠬᠦᠢᠯᠬᠡᠬᠡᠨ ᠤ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠣᠨᠴᠠᠯᠢᠭ ᠢᠶᠠᠨ

ᠪᠠᠳᠠᠷᠠᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠥᠷᠥᠯ ᠵᠦᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠡᠳ᠋ ᠪᠠᠷᠠᠭᠠᠨ ᠤ

ᠭᠦᠢᠯᠭᠡᠭᠡᠨ ᠤ ᠥᠪᠡᠷ ᠤᠨ ᠥᠷᠲᠡᠭ ᠢ ᠪᠥᠬᠦ ᠬᠦᠴᠦᠨ ᠢᠶᠠᠷ ᠢᠶᠠᠨ ᠪᠠᠭᠤᠷᠠᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠠᠨ

ᠳᠡᠭᠡᠭᠰᠢᠯᠡᠭᠦᠯᠵᠦ᠂ ᠤᠷᠠᠳ ᠤᠨ ᠬᠤᠶᠢᠲᠤ ᠬᠤᠰᠢᠭᠤᠨ ᠤ ᠬᠥᠭᠵᠢᠯᠲᠡ ᠶᠢᠨ ᠵᠠᠮ ᠤᠨ ᠠᠵᠤ ᠠᠬᠤᠢ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠣᠷᠣᠨ

ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢ ᠬᠦᠰᠡᠵᠦ ᠪᠠᠶᠢᠨ᠎ᠠ᠃

      ᠶᠤᠧᠠᠢ ᠲᠦᠩ ᠪᠠᠷᠠᠭᠠᠨ ᠤ ᠬᠦᠢᠯᠬᠡᠬᠡᠨ ᠤ ᠺᠤᠮᠫᠠᠨᠢ᠂ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠪᠣᠯᠣᠨ ᠬᠤᠰᠢᠭᠤᠨ ᠤ ᠵᠠᠰᠠᠭ ᠤᠨ

ᠣᠷᠳᠣᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠤᠭᠰᠠᠨ ᠪᠠᠶᠢᠳᠠᠯ ᠵᠢᠴᠢ ᠳᠤᠮᠳᠠᠳᠤ

ᠭᠠᠳᠠᠭᠠᠳᠤ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠠᠷᠠᠴᠢᠯᠠᠨ᠂ ᠤᠷᠠᠳ ᠤᠨ ᠬᠤᠶᠢᠲᠤ ᠬᠤᠰᠢᠭᠤ ᠯᠤᠭ᠎ᠠ ᠶᠢᠨ

ᠨᠡᠪᠲᠡᠷᠡᠯᠴᠡᠭᠡ ᠵᠣᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠠᠩ ᠥᠷᠭᠡᠨ

ᠬᠡᠪᠴᠢᠶᠡᠨ ᠤ᠂ ᠨᠠᠩ ᠭᠦᠨ ᠳᠠᠪᠬᠤᠷᠭ᠎ᠠ ᠶᠢᠨ ᠬᠠᠮᠲᠤᠷᠠᠯᠴᠠᠭᠠᠨ ᠤ ᠠᠵᠠ ᠲᠣᠬᠢᠶᠠᠯ ᠢ ᠡᠭᠦᠳᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ

ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠬᠡᠵᠤ  ᠢᠯᠡᠷᠬᠡᠶᠢᠯᠠᠪᠠ᠃

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ