ᠡᠷᠬᠢᠨ ᠯᠦᠩ ᠵᠢᠢ ᠴᠡᠪᠡᠷ ᠡᠨᠧᠷᠬᠢ ᠶᠢᠨ ᠺᠣᠮᠫᠠᠨᠢ ᠶᠢᠨ ᠨᠢᠩ ᠰᠢᠶᠣᠣ ᠬᠤᠸᠠ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/3/4

        2 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠯᠦᠩ

ᠵᠢᠢ  ᠴᠡᠪᠡᠷ ᠡᠨᠧᠷᠭᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠨᠡᠭᠡᠭᠡᠨ ᠬᠥᠭᠵᠢᠭᠦᠯᠦᠯᠲᠡ ᠶᠢᠨ ᠶᠡᠷᠦᠩᠬᠡᠢ ᠬᠢᠨᠠᠭᠴᠢ ᠨᠢᠩ ᠰᠢᠶᠣᠣ ᠬᠤᠸᠠ ᠨᠠᠷ ᠲᠠᠢ

ᠠᠭᠤᠯᠵᠠᠵᠤ᠂ ᠬᠤᠶᠠᠷ ᠲᠠᠯ᠎ᠠ ᠪᠠᠷ ᠢᠶᠠᠨ ︽  ᠪᠤᠬᠢᠷᠳᠤᠯ ᠦᠭᠡᠢ ᠴᠠᠬᠢᠯᠭᠠᠨ + ᠪᠤᠬᠢᠷᠳᠤᠯ ᠦᠭᠡᠢ ᠤᠰᠤᠲᠥ᠋ᠷᠥᠭᠴᠢ + ᠪᠤᠬᠢᠷᠳᠤᠯ ᠦᠭᠡᠢ ᠮᠧᠲ᠋ᠢᠯ ᠠᠯᠺᠣᠣᠯ︾ ᠤᠨ

ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠰᠠᠶᠢᠨ ᠲᠣᠬᠢᠶᠠᠯ ᠢ ᠬᠠᠮᠲᠤᠪᠠᠷ ᠡᠷᠢᠯᠬᠢᠯᠡᠪᠡ

        ᠡᠷᠬᠢᠨ ᠨᠢᠩ ᠰᠢᠶᠣᠣ ᠬᠤᠸᠠ ᠵᠡᠷᠭᠡ ᠬᠥᠮᠥᠰ ᠤᠨ ᠮᠠᠨ ᠤ ᠬᠤᠰᠢᠭᠤᠨ ᠳᠤ ᠢᠷᠡᠵᠤ ᠬᠠᠮᠲᠤᠷᠠᠯᠴᠠᠭᠠᠨ ᠤ ᠶᠠᠪᠤᠳᠠᠯ ᠢ ᠬᠠᠮᠲᠤᠪᠠᠷ ᠵᠥᠪᠳᠡᠯᠴᠡᠬᠦ ᠶᠢ

ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠤᠷᠠᠳ ᠤᠨ ᠬᠤᠶᠢᠲᠤ ᠬᠤᠰᠢᠭᠤᠨ ᠤ ᠥᠩᠭᠡ ᠦᠵᠡᠮᠵᠢ ᠶᠢᠨ ᠡᠬᠢ

ᠪᠠᠶᠠᠯᠢᠭ ᠡᠯᠪᠡᠭ ᠳᠡᠯᠪᠡᠭ ᠪᠠᠶᠢᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠣᠷᠣᠨ ᠵᠠᠢ ᠭᠦᠢᠴᠡᠳ ᠪᠠᠶᠢᠵᠤ᠂ ᠪᠣᠬᠢᠷᠲᠤᠯ ᠦᠭᠡᠢ ᠴᠠᠬᠢᠯᠭᠠᠨ +

ᠲᠡᠷᠢᠭᠦᠨ ᠤ ᠴᠢᠨᠠᠷ ᠰᠠᠶᠢᠲᠠᠢ ᠡᠨᠧᠷᠭᠢ  ᠤᠨ ᠠᠵᠤ ᠦᠢᠯᠡᠰ ᠢ ᠠᠬᠢᠭᠤᠯᠬᠤ ᠲᠠᠯ᠎ᠠ ᠪᠠᠷ ᠨᠡᠯᠢᠶᠡᠳ ᠳᠠᠪᠠᠭᠤᠯᠢᠭ ᠲᠠᠯ᠎ᠠ ᠲᠠᠢ ᠶᠤᠮ᠃ ᠣᠶᠢᠷ᠎ᠠ ᠶᠢᠨ ᠵᠢᠯ ᠳᠤ᠂

ᠤᠷᠠᠳ ᠤᠨ ᠬᠤᠶᠢᠲᠤ ᠬᠤᠰᠢᠭᠤ ︽ᠪᠤᠬᠢᠷᠳᠤᠯ ᠦᠭᠡᠢ ᠴᠠᠬᠢᠯᠭᠠᠨ ᠤ ᠳᠠᠪᠠᠭᠤᠯᠢᠭ︾ ᠲᠠᠭᠠᠨ ᠲᠦᠰᠢᠭᠯᠡᠨ᠂ ᠰᠢᠨ᠎ᠡ ᠡᠨᠧᠷᠭᠢ ᠶᠢᠨ ᠣᠯᠠᠨ ᠡᠰᠢᠴᠢᠯᠡᠭᠰᠡᠨ ᠠᠬᠤᠢ

ᠲᠠᠯᠠᠪᠠᠶ ᠶᠢᠨ ᠬᠡᠷᠡᠭᠯᠡᠯᠲᠡ ᠶᠢ ᠪᠠᠶᠢᠷᠢᠯᠠᠭᠤᠯᠬᠤ ᠶᠢ ᠢᠳᠡᠪᠬᠢᠲᠡᠢ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ ᠢ ᠰᠢᠩᠭᠡᠭᠡᠬᠦ ᠣᠷᠣᠨ ᠵᠠᠢ ᠶᠢ ᠥᠷᠭᠡᠳᠬᠡᠨ᠂

ᠪᠤᠬᠢᠷᠳᠤᠯ ᠦᠭᠡᠢ ᠤᠰᠤᠲᠥ᠋ᠷᠥᠭᠴᠢ ᠪᠤᠬᠢᠷᠳᠤᠯ ᠦᠭᠡᠢ ᠴᠠᠬᠢᠯᠭᠠᠨ ᠬᠢᠭᠡᠳ ᠠᠵᠤ ᠦᠢᠯᠡᠳᠪᠦᠷᠢ ᠶᠢᠨ ᠬᠤᠯᠪᠣᠯᠳᠤᠯ ᠤᠨ ᠲᠥᠷᠥᠯ ᠵᠦᠢᠯ ᠤᠨ ᠲᠥᠯᠦᠪᠵᠢᠭᠦᠯᠭᠡ ᠶᠢ

ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠣᠶᠢᠷ᠎ᠠ ᠶᠢᠨ ᠬᠤᠭᠤᠴᠠᠭᠠᠨ ᠳᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠢ

ᠠᠬᠢᠭᠤᠯᠬᠤ ᠶᠢᠨ ᠲᠥᠯᠥᠭᠡ ᠶᠡᠭᠡ ᠬᠡᠮᠵᠢᠶᠡᠨ ᠤ ᠠᠵᠢᠯ ᠬᠢᠵᠦ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠤᠯᠪᠠ᠂ ᠲᠠᠷᠠᠭᠠᠴᠢ ᠶᠢᠨ ᠠᠯᠬᠤᠮ ᠳᠤ᠂ ᠵᠠᠰᠠᠭ

ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ  ᠬᠠᠷᠢᠯᠴᠠᠵᠤ ᠵᠥᠪᠳᠡᠯᠴᠡᠬᠦ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠠᠲᠤᠯᠠᠵᠤ᠂

ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠪᠦᠯᠬᠦᠮ ᠢ ᠱᠠᠯᠠᠪᠳᠠᠨ ᠵᠣᠬᠢᠶᠠᠨ ᠪᠠᠶᠢᠭᠤᠯᠵᠤ  ᠲᠤᠬᠠᠢ ᠶᠢᠨ ᠲᠠᠯᠠᠪᠤᠷ ᠲᠤ ᠬᠦᠷᠴᠤ ᠲᠤᠷᠰᠢᠯᠭ᠎ᠠ ᠬᠤᠷᠠᠮᠳᠤᠭᠤᠯᠬᠤ᠂

ᠭᠠᠵᠠᠷ ᠰᠣᠩᠭᠤᠬᠤ ᠵᠢᠴᠢ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠡᠷᠲᠡᠬᠡᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠥᠷᠥᠯ ᠵᠦᠢᠯ ᠢ

ᠡᠷᠲᠡᠬᠡᠨ ᠨᠠᠶᠢᠳᠠᠪᠤᠷᠢᠵᠢᠭᠤᠯᠬᠤ ᠳᠤ ᠰᠠᠶᠢᠲᠤᠷ ᠪᠡᠯᠡᠳᠬᠡᠯ ᠬᠢᠬᠦ ᠶᠢ ᠬᠦᠰᠡᠵᠦ ᠪᠠᠶᠢᠨ᠎ᠠ᠃

        ᠨᠢᠩ ᠰᠢᠶᠣᠣ ᠬᠤᠸᠠ ᠤᠷᠠᠳ ᠤᠨ ᠬᠤᠶᠢᠲᠤ ᠬᠤᠰᠢᠭᠤᠨ ᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ

ᠬᠠᠮᠲᠤ ᠠᠵᠤ ᠠᠬᠤᠶᠢᠯᠠᠯ ᠤᠨ ᠬᠥᠭᠵᠢᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠪᠠ᠃

ᠲᠡᠷᠡ ᠢᠯᠡᠷᠬᠡᠶᠢᠯᠡᠬᠦ ᠳᠡᠭᠡᠨ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠰ ᠤᠨ ᠰᠠᠭᠤᠷᠢ ᠪᠠᠲᠤ᠂ ᠬᠥᠭᠵᠢᠯᠲᠡ ᠶᠢᠨ ᠣᠷᠴᠢᠨ ᠨᠥᠬᠦᠴᠡᠯ ᠰᠠᠶᠢᠨ᠂

ᠯᠦᠩ ᠵᠢᠢ ᠪᠤᠬᠢᠷᠳᠤᠯ ᠦᠭᠡᠢ ᠡᠨᠧᠷᠭᠢ ᠶᠢᠨ ᠺᠣᠮᠫᠠᠨᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠥᠷᠥᠯ

ᠵᠦᠢᠯ ᠤᠨ ᠨᠠᠩ ᠶᠡᠭᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ

ᠬᠥᠭᠵᠢᠯᠲᠡ ᠶᠢ ᠪᠡᠶᠡᠯᠡᠭᠦᠯᠦᠨ᠎ᠡ ᠬᠡᠪᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ