ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠪᠦᠯᠬᠦᠮ ᠳᠠᠭᠠᠭᠤᠯᠤᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠱᠢ ᠾᠧ ᠽᠢ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/3/4
 

       ᠦᠢᠷ᠎ᠠ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠰᠢᠨᠵᠢᠶᠠᠩ ᠤᠨ ᠤᠶᠢᠭᠤᠷ ᠤᠨ ᠥᠪᠡᠷᠲᠡᠭᠡᠨ

ᠵᠠᠰᠠᠬᠤ ᠣᠷᠣᠨ ᠤ ᠱᠢ ᠾᠧ ᠽᠢ ᠬᠤᠲᠠ ᠳᠤ ᠬᠦᠷᠴᠦ ᠰᠢᠨᠵᠢᠶᠠᠩ ᠤᠨ ᠲᠢᠶᠠᠨ ᠶᠧ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠠᠵᠤ

ᠦᠢᠯᠡᠰ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃

      ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠨᠵᠢᠶᠠᠩ ᠤᠨ ᠲᠢᠶᠠᠨ ᠶᠧ ︵ᠪᠦᠯᠦᠭᠯᠡᠯ︶ᠬᠢᠵᠠᠭᠠᠷᠲᠤ ᠺᠣᠮᠫᠠᠨᠢ ᠶᠢᠨ ᠦᠵᠡᠭᠦᠯᠦᠯᠭᠡ ᠶᠢᠨ

ᠲᠢᠩᠬᠢᠮ᠂ ᠤᠰᠤ ᠠᠷᠪᠢᠯᠠᠬᠤ ᠤᠰᠤᠯᠠᠯᠲᠠ ᠶᠢᠨ ᠬᠢᠵᠠᠭᠠᠷᠲᠤ ᠺᠣᠮᠫᠠᠨᠢ᠂ ᠲᠢᠶᠠᠨ ᠴᠧᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ

ᠲᠥᠪ᠂ ᠳᠤᠮᠳᠠᠳᠤ ᠤᠯᠤᠰ ᠤᠨ ᠰᠢᠨ ᠵᠢᠶᠠᠨ ᠪᠠᠷᠠᠭᠠᠨ ᠤ ᠭᠦᠢᠯᠭᠡᠭᠡᠨ ᠤ ᠪᠦᠯᠦᠭᠯᠡᠯ᠂ ᠲᠢᠶᠠᠨ ᠶᠧ ᠣᠶᠤᠨᠲᠤ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠳᠤ

ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ᠂ ᠤᠳᠤ ᠦᠶ᠎ᠡ ᠶᠢᠨ

ᠪᠠᠷᠠᠭᠠᠨ ᠤ ᠭᠦᠢᠯᠭᠡᠭᠡ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠲᠠᠯ᠎ᠠ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ

ᠶᠠᠷᠢᠯᠴᠠᠨ ᠰᠤᠳᠤᠯᠪᠠ᠃

       ᠶᠠᠨ ᠰᠢᠶᠣᠣ ᠶᠦᠨ ᠬᠡᠯᠡᠬᠦ ᠳᠡᠭᠡᠨ᠂ ᠤᠷᠠᠳ ᠤᠨ ᠬᠤᠶᠢᠲᠤ ᠬᠤᠰᠢᠭᠤ ᠣᠳᠣᠬᠠᠨ ᠳᠤ ᠶᠠᠭ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢ

ᠵᠠᠰᠠᠬᠤ᠂ ᠨᠤᠲᠤᠭ ᠪᠡᠯᠴᠢᠭᠡᠷ ᠢ ᠰᠡᠯᠪᠢᠨ ᠵᠠᠰᠠᠬᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ ᠪᠠᠶᠢᠨ᠎ᠠ᠃ ᠲᠢᠶᠠᠨ ᠶᠧ ᠪᠦᠯᠦᠭᠯᠡᠯ ᠤᠨ ᠬᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠ ᠲᠣᠰᠣᠲᠤ ᠰᠠᠬᠠᠯ

ᠡᠪᠡᠰᠦ᠂ ᠳᠥᠷᠪᠡᠨ ᠵᠢᠭᠦᠷᠲᠦ ᠨᠣᠶᠢᠯ  ᠢ ᠬᠡᠪᠴᠢᠶᠡᠵᠢᠭᠦᠯᠦᠨ ᠳᠠᠷᠢᠬᠤ ᠲᠠᠯ᠎ᠠ ᠪᠠᠷ ᠠᠮᠵᠢᠯᠲᠠ ᠲᠤᠷᠰᠢᠯᠭ᠎ᠠ  ᠲᠠᠢ᠂ ᠬᠤᠶᠠᠷ ᠲᠠᠯ᠎ᠠ ᠪᠠᠷ ᠢᠶᠠᠨ ᠤᠰᠤ ᠠᠷᠪᠢᠯᠠᠬᠤ

ᠲᠥᠬᠦᠭᠡᠷᠦᠮᠵᠢ ᠦᠢᠯᠡᠳᠬᠦ ᠦᠢᠯᠡᠰ ᠢ ᠨᠠᠶᠢᠳᠠᠪᠤᠷᠢᠵᠢᠭᠤᠯᠬᠤ ᠪᠠᠷ  ᠭᠠᠷᠳᠠᠵᠤ᠂ ᠴᠦᠯᠯᠡᠷᠬᠡᠭᠵᠢᠯ ᠢ ᠵᠠᠰᠠᠬᠤ᠂ ᠭᠠᠵᠠᠷ ᠰᠢᠷᠣᠢ ᠶᠢ ᠬᠤᠵᠢᠷᠰᠢᠭᠤᠯᠤᠨ ᠥᠭᠡᠷᠡᠴᠢᠯᠡᠬᠦ᠂

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ᠂ ᠮᠤᠨᠢ ᠠᠭᠤᠯᠠ ᠶᠢᠨ ᠡᠮᠦᠨ᠎ᠡ

ᠪᠡᠯ ᠤᠨ ᠠᠮᠢ ᠠᠬᠤᠢ ᠶᠢ ᠰᠡᠷᠭᠦᠭᠡᠬᠦ ᠵᠡᠷᠭᠡ ᠲᠠᠯ᠎ᠠ ᠲᠠᠢ ᠤᠶᠠᠯᠳᠤᠭᠤᠯᠵᠤ᠂ ᠬᠠᠮᠲᠤᠷᠠᠯᠴᠠᠭᠠᠨ ᠤ ᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ

ᠰᠢᠭᠤᠢ ᠲᠠᠷᠢᠶᠠᠨ ᠭᠠᠵᠠᠷ ᠂ᠨᠠᠭᠤᠷ ᠴᠦᠬᠦᠷᠤᠮ᠂ ᠡᠪᠡᠰᠦ ᠡᠯᠡᠰᠦᠨ ᠤ ᠠᠮᠢ ᠠᠬᠤᠢ ᠶᠢᠨ ᠵᠠᠰᠠᠯᠲᠠ ᠶᠢᠨ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ

ᠦᠵᠡᠭᠦᠯᠬᠦ ᠲᠦᠷᠦᠯ ᠵᠦᠢᠯ ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃

      ᠰᠢᠨᠵᠢᠶᠠᠩ ᠤᠨ ᠲᠢᠶᠠᠨ ᠶᠧ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠵᠠᠩ ᠴᠢᠶᠠᠩ

ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠵᠦᠢ ᠵᠣᠬᠢᠰᠲᠠᠢ᠂ ᠥᠷᠭᠡᠨ

ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠳᠠᠪᠠᠭᠤᠯᠢᠭ ᠡᠬᠢ

ᠪᠠᠶᠠᠯᠢᠭ ᠢᠶᠠᠨ ᠭᠦᠢᠴᠡᠳ ᠠᠰᠢᠭᠯᠠᠨ᠂ ᠠᠵᠤ ᠦᠢᠯᠡᠰ ᠤᠨ ᠬᠡᠯᠬᠢᠶ᠎ᠡ ᠪᠠᠨ ᠬᠠᠷᠢᠯᠴᠠᠨ ᠨᠥᠬᠦᠪᠦᠷᠢᠯᠡᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡᠯ ᠵᠣᠬᠢᠨ᠎ᠠ

ᠭᠡᠵᠡᠢ᠃ ᠲᠢᠶᠠᠨ ᠶᠧ ᠪᠦᠯᠦᠭᠯᠡᠯ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠤᠷᠠᠳ ᠤᠨ

ᠬᠤᠶᠢᠲᠤ ᠬᠤᠰᠢᠭᠤᠨ ᠳᠤ ᠬᠦᠷᠴᠦ ᠲᠥᠷᠥᠯ ᠵᠦᠢᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠪᠠᠷ ᠪᠠᠶᠢᠨ᠎ᠠ᠃

       ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠰᠢᠨᠵᠢᠶᠠᠩ ᠤᠨ ᠯᠦᠩ ᠫᠢᠩ ᠤᠨ ᠬᠤᠩ ᠠᠨ ᠠᠮᠢᠳᠤ ᠪᠣᠳᠠᠰ ᠤᠨ

ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠯᠠᠵᠤᠤ ᠪᠣᠶᠢᠵᠢᠭᠤᠯᠬᠤ᠂ ᠲᠠᠷᠢᠬᠤ᠂ ᠬᠤᠳᠠᠯᠳᠤᠨ ᠠᠪᠬᠤ᠂

ᠡᠳ᠋ᠰᠢᠭᠦᠯᠬᠦ᠂ ᠪᠣᠷᠣᠯᠠᠭᠤᠯᠬᠤ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ

ᠭᠦᠨᠵᠡᠭᠡᠢ ᠰᠤᠳᠤᠯᠤᠨ ᠶᠠᠷᠢᠯᠴᠠᠵᠤ᠂  ᠬᠤᠶᠢᠰᠢᠳᠠ ᠬᠠᠮᠳᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠨ᠎ᠡ ᠭᠡᠵᠦ

ᠢᠯᠡᠳᠬᠡᠪᠡ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ