| | | ᠶᠠᠩ ᠰᠢᠤᠸᠠᠢ ᠪᠥᠸᠧ ᠼᠦᠢ ᠼᠠᠨ | ︽ᠠᠷᠠᠳ ᠢᠷᠭᠡᠳ ᠤᠨ ᠶᠠᠪᠤᠳᠠᠯ ᠳᠤ ᠴᠠᠭ ᠢᠮᠠᠭᠲᠠ ᠰᠠᠨᠠᠭᠠᠰᠢᠷᠠᠬᠤ ᠭᠡᠷᠡᠭᠳᠡᠢ︾᠃ ᠣᠷᠣᠨ ᠨᠤᠲᠤᠭ ᠲᠤ ᠠᠵᠢᠯᠯᠠᠵᠤ ᠪᠠᠶᠢᠭᠰᠠᠨ | ᠬᠤᠭᠤᠴᠠᠭᠠᠨ ᠳᠠᠭᠠᠨ ᠰᠢ ᠶᠢᠨ ᠫᠢᠩ ᠨᠥᠬᠦᠷ ᠨᠢᠭᠡ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠦ ᠬᠡᠯᠡᠭᠰᠡᠨ ᠶᠤᠮ᠃ | ᠣᠨ ᠵᠢᠯ ᠤᠷᠤᠰᠤᠨ ᠦᠡᠭᠭᠡᠷᠡᠪᠡᠴᠦ᠂ ᠦᠨᠡᠨᠴᠢ ᠰᠡᠳᠬᠢᠯ ᠨᠢᠭᠡ ᠯᠡ ᠭᠡᠪ ᠢᠶᠠᠷ ᠢᠶᠠᠨ ᠪᠠᠶᠢᠬᠰᠠᠭᠠᠷ᠃ 2022ᠣᠨ ᠤ 10 ᠰᠠᠷ᠎ᠠ ᠳᠤ᠂ ᠬᠤᠷᠢᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠭᠡᠰᠢᠭᠦᠳ | ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠬᠤ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠲᠥᠯᠥᠭᠡ | ᠪᠣᠳᠣᠯᠬᠢᠯᠠᠵᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠡᠶᠡᠯᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠲᠠᠰᠤᠷᠠᠯᠳᠠ ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ︾ ᠭᠡᠵᠦ ᠲᠥᠪ ᠴᠢᠩᠭ᠎ᠠ ᠪᠠᠷ ᠲᠤᠩᠬᠠᠭᠯᠠᠪᠠ᠃ | ᠰᠡᠳᠬᠢᠯ ᠵᠢᠷᠦᠭᠡᠨ ᠳᠡᠭᠡᠨ ᠦᠷᠭᠦᠯᠵᠢ ᠪᠤᠳᠤᠵᠤ ᠶᠠᠪᠤᠳᠠᠭ ᠠᠴᠠ ︽ᠴᠠᠭ ᠢᠮᠠᠭᠲᠠ ᠰᠠᠨᠠᠭᠠᠰᠢᠷᠠᠵᠤ︾ ᠪᠠᠶᠢᠳᠠᠭ᠃ ᠡᠨᠡᠪᠣᠯ ᠠᠷᠠᠳ ᠲᠦᠮᠡᠨ ᠤ | ᠤᠳᠤᠷᠢᠳᠤᠭᠴᠢ ᠶᠢᠨ ᠠᠷᠠᠳ ᠲᠦᠮᠡᠨ ᠳᠤ ᠡᠪᠦᠷᠯᠡᠭᠰᠡᠨ ᠴᠢᠩ ᠦᠨᠡᠨᠴᠢ ᠬᠠᠶᠢᠷ᠎ᠠ ᠰᠡᠳᠬᠢᠯᠭᠡ ᠮᠥᠨ᠃ | ︽ᠴᠠᠭ ᠢᠮᠠᠭᠲᠠ ᠰᠠᠨᠠᠭᠠᠰᠢᠷᠠᠬᠤ︾ ᠭᠡᠳᠡᠭ ᠨᠢ ᠤᠭ ᠰᠠᠨᠠᠭ᠎ᠠ ᠬᠠᠳᠠ ᠴᠢᠯᠠᠭᠤ ᠮᠡᠲᠦ ᠬᠠᠳᠠᠭᠤ ᠪᠠᠬᠢ ᠪᠠᠶᠢᠵᠤ᠂ᠬᠡᠳᠦ᠋ᠢᠪᠡᠷ ᠰᠠᠯᠬᠢ ᠪᠣᠷᠣᠭᠠᠨ | ᠲᠤᠬᠢᠶᠠᠯᠳᠤᠬᠰᠠᠨ ᠴᠤ ᠢᠮᠠᠭᠲᠠ ᠬᠤᠪᠢᠷᠠᠰᠢ ᠦᠭᠡᠢ ᠪᠠᠶᠢᠬᠤ ᠶᠠᠪᠤᠳᠠᠯ ᠪᠤᠯᠤᠨ᠎ᠠ᠃ | ᠠᠭᠤᠷᠬᠠᠢ ᠶᠢᠨ ᠠᠵᠢᠯᠴᠢᠨ ᠤ ᠮᠠᠯᠠᠭᠠᠢ ᠶᠢ ᠵᠡᠭᠦᠵᠦ᠂ ᠠᠭᠤᠷᠬᠠᠢ ᠶᠢᠨ ᠠᠵᠢᠯᠴᠢᠨ ᠤ ᠬᠤᠪᠴᠠᠰᠤ ᠶᠢ ᠡᠮᠦᠰᠴᠦ᠂ ᠮᠢᠩᠭᠠᠨ ᠮᠧᠲᠷ ᠰᠢᠬᠠᠮ ᠭᠦᠨ ᠭᠠᠵᠠᠷ | ᠳᠣᠣᠷᠠᠬᠢ ᠠᠭᠤᠷᠬᠠᠢ ᠶᠢᠨ ᠬᠤᠳᠳᠤᠭ ᠲᠤ ᠤᠷᠤᠵᠤ᠂ ᠠᠵᠢᠯᠴᠢᠳ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ — ᠡᠨᠡ ᠬᠦ ᠭᠡᠷᠡᠯ ᠵᠢᠷᠤᠭ ᠨᠢ | ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠪᠠᠶᠢᠭᠰᠠᠨ ᠰᠢ ᠶᠢᠨ ᠫᠢᠩ ᠨᠥᠬᠦᠷ ᠤᠨ ᠵᠧᠵᠢᠶᠠᠩ ᠤᠨ ᠴᠠᠩ ᠭᠤᠸᠠᠩ | ᠨᠡᠭᠦᠷᠡᠰᠦᠨ ᠠᠭᠤᠷᠬᠠᠢ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠢ ᠠᠮᠢᠳᠤᠯᠢᠭ ᠢᠶᠠᠷ ᠲᠡᠮᠳᠡᠭᠯᠡᠵᠡᠢ᠃ | 2005 ᠣᠨ ᠤ ᠴᠠᠭᠠᠨ ᠰᠠᠷ᠎ᠠ ᠠᠴᠠ ᠡᠮᠦᠨᠡᠬᠡᠨ᠂ ᠶᠠᠳᠠᠭᠤ ᠬᠦᠴᠢᠷᠳᠡᠯᠲᠡᠢ ᠠᠵᠢᠯᠳᠠᠨ ᠠᠵᠢᠯᠴᠢᠨ ᠢ ᠲᠣᠬᠤᠨᠢᠭᠤᠯᠤᠭᠰᠠᠨ ᠤ ᠲᠠᠷᠠᠭ᠎ᠠ᠂ | ᠰᠢ ᠶᠢᠨ ᠫᠢᠩ ᠨᠥᠬᠦᠷ ᠬᠤᠳᠳᠤᠭ ᠲᠤ ᠣᠷᠣᠵᠤ ᠠᠭᠤᠷᠬᠠᠢ ᠶᠢᠨ ᠠᠵᠢᠯᠴᠢᠳ ᠢ ᠡᠷᠬᠢᠨᠦᠵᠡᠪᠠ᠃ ᠬᠤᠳᠳᠤᠭ ᠲᠤᠳᠤᠷᠠᠬᠢ ᠭᠤᠳᠤᠮ ᠨᠢ ᠥᠨᠳᠥᠷ ᠪᠣᠭᠤᠨᠢ | ᠲᠡᠭᠰᠢ ᠦᠭᠡᠢ ᠪᠤᠯᠬᠤᠷ ᠪᠡᠶ᠎ᠡ ᠪᠢᠯᠳᠠᠷ ᠨᠢ ᠥᠨᠳᠥᠷᠲ᠋ᠡᠷᠡ ᠨᠢᠷᠤᠭᠤ ᠪᠥᠬᠦ᠋ᠢᠨ 1500 ᠭᠠᠷᠤᠶ ᠮᠧᠲᠷ ᠶᠠᠪᠤᠪᠠ᠃ | ᠨᠡᠭᠦᠷᠡᠰᠦ ᠮᠠᠯᠲᠠᠵᠤ ᠪᠠᠶᠢᠭᠰᠠᠨ ᠠᠵᠢᠯᠴᠢᠳ ᠰᠢ ᠶᠢᠨ ᠫᠢᠩ ᠨᠥᠬᠦᠷ ᠤᠨ ᠲᠡᠳᠡᠨ ᠢ ᠡᠷᠭᠢᠵᠦ ᠦᠵᠡᠬᠦ ᠪᠠᠷᠢᠷᠡᠭᠰᠡᠨ ᠢ ᠰᠣᠨᠣᠰᠤᠭᠠᠳ | ᠲᠦᠢᠯ ᠢᠶᠠᠷ ᠰᠣᠴᠢᠰᠬᠢᠨ ᠭᠠᠶᠢᠬᠠᠵᠤ᠂ ᠬᠤᠶᠢᠨ᠎ᠠ ᠬᠤᠶᠢᠨ᠎ᠠ ᠠᠴᠠ ᠪᠠᠨ ᠲᠡᠭᠦᠨ ᠢ ᠬᠦᠷᠢᠶᠡᠯᠡᠨᠢᠷᠡᠪᠡ᠃ ᠰᠢ ᠶᠢᠨ ᠫᠢᠩ ᠨᠥᠬᠦᠷ᠄ ᠨᠡᠭᠦᠷᠡᠰᠦᠨ ᠠᠭᠤᠷᠬᠠᠢ ᠢᠶᠠᠷ | ᠠᠪᠴᠤ ᠬᠡᠯᠡᠪᠡᠯ᠂ ᠠᠶᠤᠯᠭᠦᠢ ᠦᠢᠯᠡᠳᠪᠦᠷᠢᠯᠡᠯ ᠪᠣᠯ ᠲᠡᠷᠢᠭᠦᠨ ᠴᠢᠬᠤᠯᠠ ᠶᠤᠮ᠂ ᠡᠷᠬᠡᠪᠰᠢ ᠠᠭᠤᠷᠬᠠᠢ ᠶᠢᠨ ᠠᠵᠢᠯᠴᠢᠨ ᠨᠢᠭᠡᠪᠦᠷᠢ ᠶᠢᠨ ᠠᠮᠢ ᠨᠠᠰᠤ ᠶᠢ | ᠬᠠᠶᠢᠷᠠᠯᠠᠵᠤ᠂ ᠤᠯᠠᠨ ᠢ ᠪᠠᠶᠠᠷ ᠬᠦᠷ ᠲᠠᠢ ᠪᠠᠷ ᠬᠤᠳᠳᠤᠭ ᠲᠤ ᠣᠷᠣᠵᠤ᠂ ᠠᠮᠤᠷ ᠠᠮᠤᠭᠤᠯᠠᠩ ᠢᠶᠠᠷ ᠭᠡᠷ ᠲᠡᠭᠡᠨ ᠬᠠᠷᠢᠬᠤ ᠪᠣᠯᠭᠠᠰᠤᠭᠠᠢ ᠭᠡᠵᠦ ᠬᠡᠯᠡᠪᠡ᠃ | ︽ᠪᠢ ᠣᠷᠣᠨ ᠨᠤᠲᠤᠭ ᠲᠤ ᠠᠵᠢᠯᠯᠠᠵᠤ ᠪᠠᠶᠢᠬᠤ ᠳᠠᠭᠠᠨ ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠴᠥᠮ ᠵᠢᠵᠢᠭᠦᠷᠯᠡᠵᠦ᠂ ᠶᠠᠮᠠᠷ | ᠨᠢᠭᠡᠨ ᠤᠴᠢᠷ ᠭᠠᠷᠬᠤ ᠠᠴᠠ ᠠᠶᠤᠳᠠᠭ ᠶᠤᠮ︾ ᠭᠡᠵᠦ 2015 ᠣᠨ ᠤ 1 ᠰᠠᠷ᠎ᠠ ᠳᠤ᠂ ᠠᠷᠪᠠᠨ ᠨᠡᠢᠮᠠᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠡᠷᠭᠢᠴᠡᠭᠦᠯᠤᠨ ᠬᠡᠯᠡᠯ᠎ᠡ᠃ | ᠠᠷᠠᠳ ᠤᠨ ᠰᠠᠨᠠᠭᠠᠰᠢᠷᠠᠵᠤ ᠪᠠᠶᠢᠭ᠎ᠠ ᠵᠦᠢᠯ ᠳᠤ ᠪᠢ ᠵᠠᠪᠠᠯ ᠰᠠᠨᠠᠭᠠᠰᠢᠷᠠᠵᠤ︔ ᠠᠷᠠᠳ ᠤᠨ ᠬᠦᠰᠡᠵᠦ ᠪᠠᠶᠢᠭ᠎ᠠ ᠵᠦᠢᠯ ᠢ ᠪᠢ ᠵᠠᠪᠠᠯ ᠭᠦᠢᠴᠡᠳᠬᠡᠨ᠎ᠡ᠃ | ᠹᠦᠵᠧᠦ ᠳᠤ ᠲᠤᠰᠢᠶᠠᠯ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ᠂ ᠰᠢ ᠶᠢᠨ ᠫᠢᠩ ᠨᠥᠬᠦᠷ ︽ᠬᠤᠯᠢᠰᠢᠨ ᠢᠳᠡᠭᠡᠨ︾ ᠢ ᠠᠳᠬᠤᠬᠤ ᠶᠢ ᠶᠡᠭᠡ | ᠶᠠᠪᠤᠳᠠᠯ ᠪᠣᠯᠭᠠᠵᠤ᠂ ᠡᠳᠦᠷ ᠪᠦᠷᠢ ᠨᠣᠭᠤᠭ᠎ᠠ ᠶᠢᠨ ᠦᠨ᠎ᠡ ᠶᠢ ᠠᠩᠬᠠᠷᠳᠠᠭ ᠪᠠᠶᠢᠯ᠎ᠠ᠃ ᠵᠢᠵᠢᠭᠭᠡᠨ ᠨᠠᠪᠴᠢ ᠨᠣᠭᠤᠭ᠎ᠠ᠂ ᠠᠷᠠᠳ ᠤᠨ ᠰᠠᠨᠠᠭ᠎ᠠ ᠶᠢ ᠠᠭᠤᠯᠵᠤ᠂ | ᠠᠷᠠᠳ ᠤᠨ ᠰᠡᠳᠬᠢᠯ ᠢ ᠬᠤᠯᠪᠣᠵᠤ ᠪᠠᠶᠢᠳᠠᠭ᠃ | ︽ᠲᠤᠬᠠᠶ ᠶᠢᠨ ᠭᠠᠵᠠᠷ ᠤᠨ ᠬᠢᠨ ︿ ᠭᠤᠷᠪᠠᠨ ᠡᠳᠦᠷ ᠲᠤ ᠨᠣᠭᠤᠭᠠᠨ ᠥᠩᠭᠡ ᠶᠢ ᠤᠯᠵᠤ ᠬᠠᠷᠠᠬᠤ ᠦᠭᠡᠢ ᠪᠤᠯᠬᠤᠶᠠᠷ ᠨᠢᠳᠦ ᠴᠢᠯᠡᠨ᠎ᠡ ﹀ ᠭᠡᠵᠦ | ᠬᠡᠯᠳᠡᠭ᠃ ᠨᠣᠭᠤᠭ᠎ᠠ ᠣᠯᠵᠤ ᠢᠳᠡᠵᠦ ᠴᠢᠳᠠᠬᠤ ᠡᠰᠡᠬᠦ ᠨᠢ ᠤᠯᠤᠰ ᠲᠦᠷᠦ ᠮᠥᠨ᠃ ᠤᠳᠦ ᠮᠠᠨ ᠤ ᠵᠠᠷᠢᠮ ᠦᠨᠳᠦᠰᠦᠨ ᠱᠠᠲᠤᠨ ᠤ ᠺᠠᠳ᠋ᠷ᠂ ᠢᠯᠠᠩᠭᠤᠶ᠎ᠠ | ᠵᠠᠷᠢᠮ ᠵᠠᠯᠠᠭᠤ ᠺᠠᠳ᠋ᠷ ᠡᠨᠡ ᠲᠠᠯ᠎ᠠ ᠶᠢᠨ ᠠᠰᠠᠭᠤᠳᠠᠯ ᠢ ᠣᠮᠲᠣᠭᠠᠶᠢᠯᠠᠵᠤ ᠪᠠᠶᠢᠨ᠎ᠠ᠂ ᠢᠩᠭᠢᠵᠦ ᠪᠣᠯᠬᠤ ᠤᠢᠭᠡᠢ︾ ᠭᠡᠵᠦ 2023 ᠣᠨ ᠤ ᠪᠦᠬᠦ ᠤᠯᠤᠰ ᠤᠨ | ᠬᠤᠶᠠᠷ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠶᠡᠷᠦᠩᠬᠡᠢ ᠱᠦᠵᠢ ᠰᠢ ᠶᠢᠨ ᠫᠢᠩᠴᠢᠩ | ᠰᠡᠳᠬᠢᠯ ᠠᠴᠠ ᠪᠠᠨ ᠰᠠᠨᠠᠭᠤᠯᠤᠬᠰᠠᠨ ᠶᠤᠮ᠃ | ᠢᠳᠡᠵᠦ ᠡᠮᠦᠰᠬᠦ ᠶᠠᠪᠤᠵᠤ ᠰᠠᠭᠤᠬᠤ᠂ ᠤᠤᠭᠤᠵᠤ ᠢᠳᠡᠬᠦ ᠵᠡᠷᠭᠡ ᠠᠷᠠᠳ ᠤᠯᠠᠨ ᠤ ᠰᠠᠨᠠᠭᠠᠰᠢᠷᠠᠵᠤ ᠪᠠᠶᠢᠭᠠᠶᠠᠪᠤᠳᠠᠯ᠂ ᠲᠦᠪᠡᠭᠳᠡᠵᠦ ᠪᠠᠶᠢᠭ᠎ᠠ | ᠶᠠᠪᠤᠳᠠᠯ᠂ ᠵᠤᠪᠠᠨᠢᠵᠦ ᠪᠠᠶᠢᠭ᠎ᠠ ᠶᠠᠪᠤᠳᠠᠯ ᠢ ᠢᠮᠠᠭᠲᠠ ᠠᠩᠬᠠᠷᠤᠬᠰᠠᠭᠠᠷ ᠢᠷᠡᠭᠰᠡᠨ ᠨᠢ ︽ᠴᠠᠭ ᠢᠮᠠᠭᠲᠠ ᠰᠠᠨᠠᠭᠠᠰᠢᠷᠠᠬᠤ ᠦᠭᠡᠢ ᠪᠠᠶᠢᠵᠤ ᠴᠢᠳᠠᠬᠤ ᠦᠭᠡᠶ︾ ᠶᠢᠨ | ᠬᠠᠮᠤᠭ ᠤᠨ ᠰᠠᠶᠢᠨ ᠲᠠᠶᠢᠯᠪᠤᠷᠢ ᠪᠤᠯᠤᠨ᠎ᠠ᠃ | ︽ᠴᠠᠭ ᠢᠮᠠᠭᠲᠠ ᠰᠠᠨᠠᠭᠠᠰᠢᠷᠠᠬᠤ︾ ᠭᠡᠳᠡᠭ ᠨᠢ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠮᠠᠷᠲᠠᠬᠤᠦᠭᠡᠢ᠂ ᠬᠦᠴᠢᠷ ᠪᠡᠷᠬᠡᠰᠢᠶᠡᠯ | ᠥᠷᠢᠰᠥᠯᠳᠦᠭᠡᠨ ᠳᠤ ᠰᠢᠭᠤᠳ ᠬᠠᠨᠳᠤᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠵᠢᠬᠥ᠋ᠰᠡᠷᠳᠡᠭᠦᠯᠬᠦ ᠦᠭᠡᠢ ᠪᠠᠶᠢᠬᠤ ᠶᠠᠪᠤᠳᠠᠯ ᠪᠣᠯᠤᠨ᠎ᠠ᠃ | ︽ᠬᠠᠳᠤᠨ ᠭᠤᠣᠯ ᠠᠮᠤᠷ ᠲᠦᠪᠰᠢᠨ ᠪᠠᠶᠢᠪᠠᠯ ᠳᠡᠯᠡᠬᠡᠢ ᠳ᠋ᠠᠬᠢᠨ ᠠᠮᠤᠭᠤᠯᠠᠩ ᠲᠠᠶᠢᠪᠤᠡᠭ ᠶᠤᠮ︾᠃ ᠬᠠᠲᠤᠨ ᠭᠤᠤᠯ ᠢᠬᠠᠮᠠᠭᠠᠯᠠᠬᠤ ᠨᠢ ᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ᠂ ᠲᠦᠭ ᠲᠦᠮᠡᠨ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨᠲ᠋ᠡᠭᠡᠳᠦ ᠳᠤᠮᠳᠠᠳᠤ ᠳᠤᠤᠷᠠᠳᠤ | ᠤᠷᠤᠰᠬᠠᠯ ᠤᠨ 9 ᠮᠤᠵᠢ ᠣᠷᠣᠨ ᠳᠤ ᠬᠦᠷᠴᠡᠢ᠄ ᠬᠥᠬᠡᠨᠠᠭᠤᠷ ᠮᠤᠵᠢ ᠳᠤ ︽ᠦᠷᠭᠡᠨ ᠮᠥᠷᠡᠨ ᠤ ᠲᠤᠩᠭᠠᠯᠠᠭ ᠤᠰᠤᠨ ᠲᠤᠷᠤᠨ᠎ᠠ ᠵᠦᠭ ᠲᠤ ᠤᠷᠤᠰᠬᠤ︾ ᠶᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠨᠠᠶᠢᠳᠠᠪᠠ︔ ᠱᠠᠨ ᠰᠢ ᠳᠤ᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ | ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ︾ ᠭᠡᠵᠦ ᠴᠢᠬᠤᠯᠠᠴᠢᠯᠠᠪᠠ︔ ᠱᠠᠨᠳᠦ᠋ᠩ ᠳᠤ᠂ ︽ᠠᠮᠢ ᠠᠬᠤᠢ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠭᠡᠷᠡᠭᠳᠡᠢ︾ ᠭᠡᠵᠦ ᠲᠤᠷᠠᠳᠪᠠ᠁ ᠤᠳᠠᠭ᠎ᠠ ᠪᠤᠯᠭᠠᠨ ᠤ ᠰᠢᠨᠵᠢᠯᠡᠨ ᠪᠠᠶᠢᠴᠠᠭᠠᠯᠳᠠ᠂ | ᠬᠦᠰᠡᠯ ᠨᠠᠶᠢᠳᠠᠯᠭ᠎ᠠ ᠨᠢᠭᠡᠪᠦᠷᠢ ᠨᠢ ︽ᠬᠠᠳᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦᠵᠣᠯ ᠵᠢᠷᠭᠠᠯᠲᠤ ᠭᠤᠣᠯ ᠪᠣᠯᠭᠠᠬᠤ︾ ᠬᠦᠨᠳᠦ ᠠᠮᠠᠯᠠᠯᠲᠠ | ᠪᠤᠯᠤᠬᠰᠠᠨ ᠪᠠᠶᠢᠨ᠎ᠠ᠃ | ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠢᠨ ᠭᠤᠣᠯᠳᠠᠯᠭ᠎ᠠ ᠨᠢ ᠦᠨᠳᠦᠰᠦᠨ ᠱᠠᠲᠤᠨ ᠳᠤ ᠪᠤᠢ᠃ | ᠲᠦᠷᠦᠬᠦᠦ ᠵᠠᠭᠤᠨ ᠤ ᠵᠢᠷᠠᠭᠠᠳ ᠣᠨ ᠳᠤ᠂ ᠵᠧᠵᠢᠶᠠᠩ ᠤᠨ ᠵᠦ ᠵᠢᠢ ᠬᠤᠳᠠ ᠶᠢᠨ ᠹᠸᠡᠭᠴᠢᠶᠣᠤ ᠶᠢᠨ ᠺᠠᠳ᠋ᠷ ᠤᠯᠠᠨ ᠲᠦᠮᠡᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ︽ᠹᠸᠡᠭᠴᠢᠶᠣᠤ ᠶᠢᠨ ᠲᠤᠷᠰᠢᠯᠭ᠎ᠠ︾ ᠶᠢ ᠡᠭᠦᠳᠴᠦ᠂ ᠵᠥᠷᠢᠴᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠴᠢᠬᠤᠯᠠ | ᠰᠡᠩᠬᠡᠷᠡᠭᠦᠯᠦᠯ ᠬᠠᠩᠭᠠᠵᠠᠢ᠃ | 20 ᠭᠠᠷᠤᠢ ᠵᠢᠯ ᠤᠨ ᠡᠮᠦᠨ᠎ᠡ᠂ ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠪᠠᠶᠢᠭᠰᠠᠨ ᠰᠢ ᠶᠢᠨ ᠫᠢᠩ ᠨᠥᠬᠦᠷ | ︽ᠹᠸᠡᠭᠴᠢᠶᠣᠤ ᠶᠢᠨ ᠲᠤᠷᠰᠢᠯᠭ᠎ᠠ︾ ᠶᠢ ᠭᠦᠢᠴᠡᠳ ᠨᠠᠨᠳᠢᠩᠨᠠᠵᠤ᠂ ᠶᠡᠭᠡ ᠪᠠᠷ ᠳᠡᠯᠭᠡᠷᠡᠭᠦᠯᠵᠦ᠂ᠳᠠᠰᠤᠷᠠᠯᠳᠠ ᠦᠭᠡᠢ ᠰᠢᠨ᠎ᠡ ᠶᠢ ᠡᠭᠦᠳᠴᠦ᠂ ︽ᠡᠷᠬᠡᠪᠰᠢ ᠤᠯᠠᠨ ᠲᠦᠮᠡᠨ ᠢ | ᠢᠳᠡᠭᠡᠵᠦ ᠲᠡᠳᠡᠨ ᠢ ᠲᠦᠰᠢᠭᠯᠡᠵᠦ᠂ ᠠᠷᠠᠳ ᠤᠨᠲ᠋ᠥ᠋ᠯᠥᠭᠡ ᠲᠦᠷᠦ ᠪᠠᠷᠢᠬᠤ ᠳᠤᠮᠳᠠ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ︾ ᠭᠡᠵᠦ | ᠲᠣᠳᠣᠷᠬᠠᠢᠱᠠᠭᠠᠷᠳᠠᠪᠠ︔ 2023 ᠣᠨ ᠤ 9 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠰᠢᠨᠵᠢᠯᠡᠨᠪᠠᠶᠢᠴᠠᠭᠠᠬᠤ ᠳᠠᠭᠠᠨ | ᠹᠧᠩᠴᠢᠶᠤᠤ ᠶᠢᠨ ᠲᠤᠷᠰᠢᠯᠭ᠎ᠠ ᠳᠡᠯᠭᠡᠨ ᠦᠵᠡᠭᠦᠯᠬᠦ ᠣᠷᠳᠣᠨ ᠢ ᠲᠣᠭᠤᠷᠢᠨ ᠦᠵᠡᠵᠦ᠂ ︽ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳ ᠤᠨ | ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠠᠷᠠᠳ ᠤᠯᠠᠨ ᠢ ᠰᠠᠶᠢᠳᠤᠷ ᠲᠦᠰᠢᠭᠯᠡᠵᠦ᠂ ᠠᠰᠠᠭᠤᠳᠠᠯ ᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠵᠤ ᠪᠠᠶᠢᠬᠤ ᠦᠶ᠎ᠡ ᠳᠤᠨᠢ ᠰᠢᠢᠳᠪᠦᠷᠢᠯᠡᠬᠦ ᠬᠡᠷᠡᠭᠳᠡᠢ︾ ᠭᠡᠵᠦ ᠵᠢᠭᠠᠵᠤ ᠭᠠᠷᠭᠠᠪᠠ᠃ | ᠦᠨᠳᠦᠰᠦᠨ ᠱᠠᠲᠤᠨ ᠤ ᠵᠠᠰᠠᠯᠲᠠ ᠳᠤ ᠰᠡᠳᠬᠢᠯ ᠲᠠᠯᠪᠢᠵᠤ᠂ ᠴᠠᠭ ᠢᠮᠠᠭᠲᠠ ᠰᠠᠨᠠᠭᠠᠰᠢᠷᠠᠬᠰᠠᠭᠠᠷ ᠢᠷᠡᠪᠡ᠃ ᠶᠡᠷᠦᠩᠬᠡᠢᠱᠦ᠋ᠵᠢ ᠰᠢ ᠶᠢᠨ ᠫᠢᠩ ᠤᠨ | ᠲᠠᠭᠠᠭᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭᠦᠶ᠎ᠡ ᠶᠢᠨ ︽ᠹᠸᠡᠭᠴᠢᠶᠣᠤ ᠶᠢᠨ ᠲᠤᠷᠰᠢᠯᠭ᠎ᠠ︾ ᠶᠢ ᠲᠠᠰᠤᠷᠠᠯᠳᠠ | ᠦᠭᠡᠢ ᠪᠠᠷᠢᠮᠲᠠᠯᠠᠨ ᠬᠥᠭᠵᠢᠭᠦᠯᠵᠦ᠂ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠠᠷᠠᠳ ᠤᠨ ᠰᠡᠳᠬᠢᠯ ᠢ ᠪᠦᠲᠦᠮᠵᠢᠲᠡᠢ ᠨᠢᠭᠲᠠᠷᠠᠭᠤᠯᠵᠤ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ | ᠦᠷᠭᠦᠯᠵᠢᠯᠡᠬᠦ ᠴᠢᠨᠠᠷᠲᠠᠢ ᠪᠣᠯᠭᠠᠪᠠ᠃ | ︽ᠴᠠᠭ ᠢᠮᠠᠭᠲᠠ ᠰᠠᠨᠠᠭᠠᠰᠢᠷᠠᠬᠤ︾ ᠭᠡᠳᠡᠭ ᠨᠢ ᠵᠣᠷᠢᠭ ᠰᠠᠨᠠᠭ᠎ᠠ ᠡᠭᠦᠷᠢᠳᠡ ᠴᠠᠯᠠᠭᠠᠶᠢᠷᠠᠬᠤ ᠦᠭᠡᠢ᠂ ᠰᠢᠯᠭᠠᠯᠲᠠ ᠳᠤ ᠤᠷᠤᠯᠴᠠᠬᠤ ᠰᠡᠷᠭᠡᠭ ᠲᠠᠷᠢᠬᠢ | ᠲᠤᠯᠤᠭᠠᠢ ᠲᠠᠢ ᠪᠠᠶᠢᠵᠤ᠂ ᠦᠷᠭᠦᠯᠵᠢᠯᠡᠨ ᠲᠡᠮᠡᠴᠡᠵᠦ ᠤᠷᠤᠭᠰᠢᠯᠠᠬᠤ ᠶᠠᠪᠤᠳᠠᠯ ᠪᠣᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠮᠡᠭᠴᠡ ᠶᠡᠷᠦᠩᠬᠡᠢ ᠱᠦᠵᠢ ᠰᠢ ᠶᠢᠨ ᠫᠢᠩ ᠱᠠᠨᠰᠢ ᠶᠢᠨ ᠶᠠᠨ ᠠᠨ ᠳᠤ ᠰᠢᠨᠵᠢᠯᠡᠨ ᠪᠠᠶᠢᠴᠠᠭᠠᠪᠠ᠃ | ᠨᠠᠨ ᠭᠸᠤ ᠲᠣᠰᠬᠤᠨ ᠤ ᠵᠢᠮᠢᠰ ᠤᠨ ᠬᠦᠷᠢᠶᠡᠯᠡᠩ ᠳᠤ᠂ ᠵᠢᠮᠢᠰ ᠲᠠᠷᠢᠬᠤ ᠮᠡᠷᠭᠡᠵᠢᠯ᠂ ᠲᠡᠭᠦᠬᠦ ᠠᠷᠭ᠎ᠠ᠂ ᠲᠦᠷᠦᠯ ᠵᠦᠢᠯ ᠶᠠᠰᠤ ᠴᠢᠨᠠᠷ᠂ ᠪᠣᠷᠣᠯᠠᠭᠤᠯᠬᠤ ᠦᠨ᠎ᠡ | ᠬᠠᠩᠰᠢ ᠠᠴᠠ ᠠᠪᠤᠭᠠᠳ ᠲᠣᠰᠬᠤᠨ ᠤ ᠠᠷᠠᠳ ᠤᠨ ᠣᠷᠣᠯᠭ᠎ᠠ ᠬᠦᠷᠲᠡᠯ᠎ᠡ᠂ ᠲᠠᠬᠢᠭᠠᠳ ᠠᠯᠮᠤᠷᠠᠳ ᠲᠠᠷᠢᠬᠤ ᠪᠠ ᠪᠤᠰᠤᠳ ᠠᠵᠤ ᠦᠢᠯᠡᠰ ᠢ ᠬᠡᠷᠬᠢᠨ ᠬᠥᠭᠵᠢᠭᠦᠯᠬᠦ | ᠵᠡᠷᠭᠡ ᠶᠢᠨ ᠲᠤᠬᠠᠢ ᠶᠡᠷᠦᠩᠬᠡᠢ ᠱᠦᠵᠢ ᠰᠢ ᠵᠢᠨᠫᠢᠩ ᠮᠠᠰᠢ ᠨᠠᠷᠢᠨ ᠠᠰᠠᠭᠤᠪᠠ᠃ ︽ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨᠪᠠᠶᠢᠭᠤᠯᠬᠤ ᠳᠤ ᠬᠠᠮᠤᠭ ᠤᠨ ᠪᠡᠷᠬᠡ ᠬᠠᠮᠤᠭ ᠤᠨ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨ᠎ᠠ︾᠃ ᠡᠷᠦᠬᠡ ᠪᠣᠯᠭᠠᠨ ᠤ | ᠵᠢᠵᠢᠭ ᠲᠠᠩᠰᠠᠨ ᠳᠡᠪᠲᠡᠷ ᠲᠤ ᠶᠡᠷᠦᠩᠬᠡᠶ ᠱᠦᠵᠢ ᠰᠢ ᠶᠢᠨ ᠫᠢᠩ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠰᠠᠨᠠᠭᠠᠯᠵᠠᠯ ᠠᠭᠤᠯᠤᠭᠳᠠᠵᠤ ᠪᠠᠶᠢᠳᠠᠭ᠃ | ᠰᠢᠨ᠎ᠡ ᠠᠶᠠᠨ ᠳᠤ ᠤᠬ ᠰᠠᠨᠠᠭ᠎ᠠ ᠨᠢᠭᠡ ᠯᠡ ᠠᠳᠠᠯᠢ ᠶᠤᠮ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ | ᠬᠥᠭᠵᠢᠯᠲᠡ ᠶᠢᠨ ᠣᠷᠴᠢᠨ ᠳᠤ ᠬᠠᠨᠳᠤᠵᠤ᠂ ︽ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠪᠣᠯᠤᠨ ᠡᠭᠦᠷᠢᠳᠡ ᠦᠯᠦ ᠴᠠᠯᠠᠭᠠᠶᠢᠷᠠᠬᠤ ᠤᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠬᠡᠷᠡᠭᠲᠡᠢ︾᠃ | ︽ᠴᠠᠭ ᠢᠮᠠᠭᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠵᠣᠷᠢᠭ ᠰᠠᠨᠠᠭ᠎ᠠ ᠪᠠᠷ ᠨᠠᠮ ᠪᠣᠯᠤᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ | ᠬᠡᠷᠡᠭᠲᠡᠢ︾᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠲᠤ ᠲᠠᠯᠪᠢᠭᠰᠠᠨ ᠴᠢᠩ ᠰᠡᠳᠬᠢᠯ ᠤᠨ ᠬᠦᠰᠡᠯ | ᠨᠠᠶᠢᠳᠠᠯᠭ᠎ᠠ ᠪᠣᠯᠤᠨ᠎ᠠ᠂ ᠮᠥᠨ ᠴᠦ ᠵᠠᠭᠤᠨ ᠵᠢᠯ ᠤᠨ ᠲᠡᠦᠬᠡ ᠲᠠᠢ ᠲᠤᠮᠤ ᠨᠠᠮ ᠤᠨ ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠵᠠᠮᠨᠠᠬᠤ ᠢᠲᠡᠭᠡᠯ ᠵᠣᠷᠢᠭ | ᠪᠣᠯᠤᠨ᠎ᠠ᠃ | |