ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠲᠣᠷᠭᠠᠭᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠴᠢᠨᠠᠭᠰᠢᠳᠠ ᠳᠦᠷᠢᠮᠵᠢᠭᠦᠯᠵᠦ ᠬᠢᠨᠠᠯᠲᠠ ᠲᠠᠯᠪᠢᠬᠤ ᠲᠤᠬᠠᠢ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/3/5
       ᠨᠠᠮ  ᠤᠨ ᠬᠤᠷᠢᠳᠤᠭᠠᠷ ᠶᠡᠭᠡ ᠬᠤᠷᠠᠯ  ᠤᠨ ᠰᠢᠢᠳᠪᠦᠷᠢᠲᠦ ᠪᠣᠳᠣᠯᠭ᠎ᠠ  ᠶᠢᠨ  ᠪᠠᠶᠢᠷᠢᠯᠠᠭᠤᠯᠤᠯᠲᠠ   ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠲᠡᠭᠰᠢ  ᠪᠠᠷ ᠥᠷᠢᠰᠦᠯᠳᠦᠬᠦ ᠵᠠᠬ᠎ᠠ ᠳᠡᠯᠭᠡᠭᠦᠷ  ᠤᠨ ᠡᠮᠬᠢ ᠳᠢᠭᠯᠢᠮ  ᠢ  ᠬᠠᠮᠠᠭᠠᠯᠠᠨ᠂  ᠬᠤᠳᠠᠯᠳᠤᠭ᠎ᠠ ᠡᠵᠡᠩᠨᠡᠯᠲᠡ  ᠶᠢᠨ ᠣᠷᠴᠢᠨ ᠨᠥᠬᠦᠴᠡᠯ  ᠢ ᠰᠢᠯᠢᠳᠡᠭᠵᠢᠭᠦᠯᠵᠦ᠂ ᠴᠢᠨᠠᠷᠯᠢᠭ ᠬᠥᠭᠵᠢᠯᠲᠡ  ᠶᠢ ᠠᠬᠢᠭᠤᠯᠬᠤ  ᠶᠢᠨ  ᠲᠥᠯᠥᠭᠡ  ᠲᠥᠷᠥ‌‍ᠶᠢᠨ ᠶᠠᠪᠤᠳᠠᠯ  ᠤᠨ ᠬᠤᠷᠢᠶ᠎ᠠ ᠣᠶᠢᠷ᠎ᠠ  ᠳᠤ  ︽ᠲᠣᠷᠭᠠᠭᠤᠯᠢ   ᠶᠢ  ᠲᠣᠭᠲᠠᠭᠠᠬᠤ  ᠪᠠ  ᠬᠡᠷᠡᠭᠵᠢᠭᠦᠯᠬᠦ  ᠠᠵᠢᠯ   ᠢ  ᠴᠢᠨᠠᠭᠰᠢᠳᠠ ᠳᠦᠷᠢᠮᠵᠢᠭᠦᠯᠵᠦ ᠬᠢᠨᠠᠯᠲᠠ ᠲᠠᠯᠪᠢᠬᠤ ᠲᠤᠬᠠᠢ ᠵᠢᠯᠣᠭᠤᠳᠬᠤ ᠰᠠᠨᠠᠯ︾  ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ  ᠤ  ᠬᠠᠤᠯᠢ ᠳᠦᠷᠢᠮ᠂ ᠲᠣᠭᠲᠠᠭᠠᠯ  ᠳᠠᠬᠢ ᠲᠣᠷᠭᠠᠭᠤᠯᠢ  ᠶᠢᠨ ᠳᠦᠷᠢᠮ  ᠢ ᠲᠣᠭᠲᠠᠭᠠᠬᠤ ᠪᠠ ᠬᠡᠷᠡᠭᠵᠢᠭᠦᠯᠬᠦ ᠠᠵᠢᠯ  ᠢ ᠠᠩᠬ᠎ᠠ ᠤᠳᠠᠭ᠎ᠠ  ᠪᠦᠬᠦ ᠲᠠᠯ᠎ᠠ  ᠪᠠᠷ ᠰᠢᠰᠲ᠋ᠧᠮ  ᠲᠠᠢ ᠳᠦᠷᠢᠮᠵᠢᠭᠦᠯᠵᠡᠢ᠃ 

        ︽ᠰᠠᠨᠠᠯ︾  ᠳᠤ ᠳᠤᠷᠠᠳᠬᠤ  ᠳᠠᠭᠠᠨ᠂ ᠬᠠᠤᠯᠢ ᠶᠣᠰᠣᠭᠠᠷ ᠰᠢᠨᠵᠢᠯᠡᠬᠦ ᠤᠬᠠᠭᠠᠴᠢ  ᠪᠠᠷ ᠲᠣᠷᠭᠠᠭᠤᠯᠢ  ᠶᠢᠨ ᠳᠦᠷᠢᠮ   ᠢ ᠲᠣᠭᠲᠠᠭᠠᠵᠤ᠂ ᠲᠣᠷᠭᠠᠭᠤᠯᠢ  ᠶᠢᠨ 

ᠡᠷᠬᠡ  ᠶᠢᠨ ᠬᠢᠵᠠᠭᠠᠷ  ᠢ ᠡᠷᠡᠰ ᠰᠠᠬᠢᠨ᠂ ᠠᠯᠳᠠᠭ᠎ᠠ ᠪᠤᠷᠤᠭᠤ ᠪᠠ ᠲᠣᠷᠭᠠᠭᠤᠯᠢ   ᠶᠢᠨ  ᠬᠡᠮᠵᠢᠶ᠎ᠡ ᠶᠢ ᠲᠡᠩᠴᠡᠭᠦᠷᠢᠰᠢᠭᠦᠯᠬᠦ ᠵᠠᠷᠴᠢᠮ  ᠢ ᠰᠢᠨᠵᠢᠯᠡᠬᠦ ᠤᠬᠠᠭᠠᠴᠢ  ᠪᠠᠷ 

ᠬᠡᠷᠡᠭᠵᠢᠭᠦᠯᠵᠦ᠂ ᠲᠣᠷᠭᠠᠭᠤᠯᠢ  ᠶᠢᠨ  ᠳᠦᠷᠢᠮ   ᠢ  ᠰᠢᠨ᠎ᠡ   ᠪᠠᠷ ᠲᠣᠭᠲᠠᠭᠠᠬᠤ ᠪᠠ ᠲᠣᠷᠭᠠᠭᠤᠯᠢ  ᠶᠢᠨ ᠬᠡᠮᠵᠢᠶ᠎ᠡ  ᠶᠢ ᠲᠣᠭᠲᠠᠭᠠᠬᠤ  ᠦᠶ᠎ᠡ  ᠬᠡᠯᠲᠦᠷᠢᠭᠦᠯᠵᠦ  

ᠪᠣᠯᠬᠤ   ᠶᠢ   ᠨᠢ  ᠬᠡᠯᠲᠦᠷᠢᠭᠦᠯᠵᠦ᠂ᠴᠢᠩᠭ᠎ᠠ ᠰᠢᠢᠳᠬᠡᠬᠦ  ᠶᠢ  ᠨᠢ ᠴᠢᠩᠭ᠎ᠠ ᠰᠢᠢᠳᠬᠡᠵᠦ᠂ ᠲᠡᠩᠴᠡᠭᠦᠷᠢ  ᠪᠠᠨ ᠠᠯᠳᠠᠬᠤ  ᠠᠴᠠ ᠰᠡᠷᠭᠡᠶᠢᠯᠡᠬᠦ ᠬᠡᠷᠡᠭᠲᠡᠢ᠃ ᠲᠣᠷᠭᠠᠭᠤᠯᠢ  ᠶᠢ

ᠡᠷᠡᠰ ᠳᠦᠷᠢᠮᠵᠢᠭᠦᠯᠦᠨ᠂ ᠠᠯᠳᠠᠭ᠎ᠠ ᠪᠤᠷᠤᠭᠤ ᠪᠣᠯᠣᠨ ᠲᠣᠷᠭᠠᠭᠤᠯᠢ  ᠶᠢ ᠲᠡᠩᠴᠡᠭᠦᠯᠵᠦ᠂ ᠬᠠᠤᠯᠢ ᠳᠦᠷᠢᠮ ᠪᠠ ᠶᠣᠰᠣ  ᠵᠦᠢ   ᠶᠢ ᠠᠭᠤᠰᠤᠯᠴᠠᠭᠤᠯᠬᠤ ᠬᠡᠷᠡᠭᠲᠡᠢ᠃ 

ᠲᠣᠷᠭᠠᠵᠤ ᠰᠢᠢᠳᠬᠡᠬᠦ ᠪᠠ ᠰᠤᠷᠭᠠᠵᠤ  ᠬᠥᠮᠥᠵᠢᠭᠦᠯᠬᠦ   ᠶᠢ  ᠤᠶᠠᠯᠳᠤᠭᠤᠯᠵᠤ᠂  ᠲᠤᠬᠠᠢ   ᠶᠢᠨ ᠲᠠᠯᠠᠪᠤᠷ  ᠤᠨ ᠪᠤᠰᠤ ᠬᠠᠤᠯᠢ ᠬᠡᠷᠡᠭᠵᠢᠭᠦᠯᠬᠦ ᠠᠵᠢᠯ  ᠢ ᠦᠷᠭᠦᠯᠵᠢᠯᠡᠨ 

ᠳᠦᠷᠢᠮᠵᠢᠭᠦᠯᠦᠨ᠂ 2024 ᠣᠨ  ᠤ 12 ᠳ᠋ᠤᠭᠠᠷ ᠰᠠᠷ᠎ᠠ ᠶᠢᠨ ᠰᠡᠭᠦᠯᠴᠢ  ᠠᠴᠠ ᠡᠮᠦᠨ᠎ᠡ ᠬᠤᠰᠢᠭᠤ ᠰᠢᠶᠠᠨ  ᠤ ᠳᠡᠰ  ᠠᠴᠠ ᠳᠡᠭᠡᠭᠰᠢᠬᠢ ᠣᠷᠣᠨ ᠨᠤᠲᠤᠭ  ᠤᠨ 

ᠠᠷᠠᠳ   ᠤᠨ  ᠵᠠᠰᠠᠭ  ‍ᠣᠨ‌ᠣᠷᠳᠣᠨ  ᠤ ᠬᠠᠮᠢᠶᠠᠲᠠᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ  ᠤ ᠠᠷᠠᠳ  ᠤᠨ ᠵᠠᠰᠠᠭ  ᠤᠨ  ᠣᠷᠳᠣᠨ  ᠪᠤᠶᠤ  ᠵᠡᠭᠡᠯᠢ

ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ  ᠬᠢᠨ ᠬᠠᠤᠯᠢ ᠬᠡᠷᠡᠭᠵᠢᠭᠦᠯᠬᠦ ᠬᠠᠮᠢᠶᠠᠲᠠᠢ ᠴᠠᠬᠢᠮ ᠮᠡᠷᠭᠡᠵᠢᠯ   ᠤᠨ  ᠬᠢᠨᠠᠨ  ᠵᠠᠬᠢᠷᠬᠤ ᠲᠥᠬᠦᠭᠡᠷᠦᠮᠵᠢ  ᠶᠢ ᠴᠡᠭᠴᠡᠯᠡᠨ 

ᠳᠦᠷᠢᠮᠵᠢᠭᠦᠯᠬᠦ ᠠᠵᠢᠯ  ᠢ ᠪᠡᠶᠡᠯᠡᠭᠦᠯᠬᠦ ᠬᠡᠷᠡᠭᠲᠡᠢ ᠭᠡᠵᠡᠢ᠃            

 

   

 

 

ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ