| | | | | ᠪᠣᠬᠢᠷᠲᠤᠯ ᠦᠭᠡᠢ ᠬᠥᠭᠵᠢᠯᠲᠡ ᠪᠠᠷ ᠢᠶᠠᠨ ᠪᠦᠬᠦ ᠤᠯᠤᠰ ᠤᠨ ᠲᠡᠷᠢᠭᠦᠨ ᠤ ᠲᠦᠪᠰᠢᠨ ᠳᠤ ᠣᠷᠣᠭᠰᠠᠨ ᠨᠢ ᠰᠢᠶᠠᠮᠧᠨ ᠬᠤᠳᠠ ᠶᠢᠨ ᠬᠠᠮᠤᠭ ᠤᠨ | ᠲᠣᠪᠣᠶᠢᠮ᠎ᠠ ᠭᠢᠯᠠᠯᠵᠠᠭᠰᠠᠨ ᠠᠮᠵᠢᠯᠲᠠ ᠶᠢᠨ ᠨᠢᠭᠡ ᠪᠣᠯᠣᠨ᠎ᠠ᠃ ᠨᠥᠬᠦᠷ ᠰᠢ ᠶᠢᠨ ᠫᠢᠩ ᠰᠢᠶᠠᠮᠧᠨ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠨᠤᠯ ᠪᠣᠯᠣᠨ ᠦᠢᠯᠡᠳᠦᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠠᠯᠢ ᠤᠯᠠᠨ | ᠱᠠᠭᠠᠷᠳᠠᠯᠭ᠎ᠠ ᠳᠤᠷᠠᠳᠴᠠᠢ᠃ ᠣᠶᠢᠷ᠎ᠠ ᠶᠢᠨ ᠵᠢᠯ ᠠᠴᠠ ᠰᠢᠶᠠᠮᠧᠨ ᠤ ᠬᠢᠨ ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠤᠷᠭᠤᠮᠠᠯ ᠡᠯᠡᠰᠦ ᠮᠠᠩᠬ᠎ᠠ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ︾ ᠭᠡᠬᠦ ᠣᠶᠢᠯᠠᠭᠠᠭᠳᠠᠬᠤᠨ ᠢ ᠢᠮᠠᠭᠲᠠ ᠵᠢᠷᠤᠮᠯᠠᠵᠤ᠂ ᠠᠮᠢ ᠠᠬᠤᠢ ᠶᠢ ᠬᠠᠮᠠᠭᠠᠯᠠᠵᠤ | ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠤᠳ ᠢ ᠨᠢᠭᠡ ᠴᠣᠭᠴᠠᠵᠢᠭᠤᠯᠤᠨ ᠠᠬᠢᠭᠤᠯᠵᠤ ︽ᠠᠭᠤᠯᠠᠨ ᠣᠷᠣᠢ ᠠᠴᠠ ᠲᠠᠯᠠᠢ ᠬᠦᠷᠬᠦ︾ ᠬᠠᠮᠠᠭᠠᠯᠠᠯᠲᠠ ᠪᠠ | ᠵᠠᠰᠠᠨ ᠴᠡᠭᠴᠡᠯᠡᠬᠦ ᠶᠡᠭᠡ ᠪᠠᠶᠢᠷᠢᠰᠢᠯ ᠢ ᠲᠠᠰᠤᠷᠠᠯᠳᠡ ᠦᠭᠡᠢ ᠪᠠᠶᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ | ᠲᠠᠯᠠᠢ ᠶᠢᠨ ᠪᠤᠯᠤᠩ ᠤᠨ ᠬᠤᠳᠠ ᠶᠢᠨ ᠠᠮᠢ ᠠᠬᠤᠢ ᠵᠢᠬᠠᠮᠠᠭᠠᠯᠠᠵᠤ ᠰᠡᠷᠭᠦᠭᠡᠬᠦ ᠠᠵᠢᠯ ᠢ ᠵᠢᠯᠣᠭᠤᠳᠤᠭᠰᠠᠨ ᠰᠦᠷ ᠵᠢᠪᠬᠤᠯᠠᠩᠲᠤ ᠪᠠᠶᠢᠳᠠᠯ ᠢ ᠵᠢᠷᠤᠭᠯᠠᠵᠠᠢ᠃ | ᠰᠢᠶᠠᠮᠧᠨ ᠤ ᠲᠠᠯᠠᠢ ᠶᠢᠨ ᠲᠦᠪᠰᠢᠨ ᠠᠴᠠ ᠬᠠᠮᠤᠭ ᠤᠨ ᠥᠨᠳᠥᠷ᠂ ᠬᠠᠮᠤᠭ ᠤᠨ ᠪᠤᠶᠢᠳᠠ ᠪᠥᠭᠯᠡᠭᠦᠦ ᠵᠠᠰᠠᠭ ᠵᠠᠬᠢᠷᠭᠠᠨ ᠤ ᠲᠣᠰᠬᠤᠨ ᠤ ᠨᠢᠭᠡ | ᠪᠣᠯᠤᠭᠰᠠᠨ ᠤ ᠬᠤᠪᠢ ᠳᠤ ᠵᠢᠶᠦ᠋ᠨ ᠶᠢᠩ ᠲᠣᠰᠬᠤᠨ ᠨᠢ ᠤᠳᠤ ᠬᠤᠯᠠ ᠣᠶᠢᠷ᠎ᠠ ᠳᠠᠭᠠᠨ ᠠᠯᠳᠠᠷᠲᠠᠢ ᠴᠠᠢ ᠶᠢᠨ ᠬᠦᠷᠢᠶᠡᠯᠡᠩ᠂ ᠵᠤᠭᠠᠴᠠᠯ ᠤᠨ ᠲᠣᠰᠬᠤᠨ | ᠪᠣᠯᠵᠤ᠂ ᠠᠶᠢᠯ ᠪᠣᠯᠭᠠᠨ ᠪᠦᠷ ᠥᠨᠳᠥᠷ ᠠᠭᠤᠯᠠᠨ ᠤ ᠴᠠᠢ ᠲᠠᠷᠢᠵᠦ᠂ ᠭᠡᠷ ᠪᠦᠯᠢ ᠶᠢᠨ ᠵᠣᠴᠢᠳ ᠤᠨ ᠪᠠᠭᠤᠳᠠᠯ 70 ᠭᠠᠷᠤᠢ ᠪᠣᠯᠵᠤ᠂ ᠰᠢᠯᠢᠳᠡᠭ ᠰᠠᠶᠢᠨ ᠠᠮᠢ | ᠠᠬᠤᠢ ᠨᠢ ᠲᠣᠰᠬᠤᠨ ᠤᠠᠷᠠᠳ ᠤᠨ ᠠᠰᠢᠭ ᠣᠷᠣᠯᠭ᠎ᠠ ᠣᠯᠬᠤ ᠪᠣᠯᠣᠮᠵᠢ ᠨᠥᠬᠦᠴᠡᠯ ᠪᠣᠯᠣᠭᠰᠠᠨ ᠪᠠᠶᠢᠨ᠎ᠠ᠃ ᠭᠡᠪᠡᠴᠦ ᠳᠡᠭᠡᠷ᠎ᠡ ᠵᠠᠭᠤᠨ ᠤ ᠨᠠᠶᠠᠭᠠᠳᠣᠨ ᠤ | ᠦᠶ᠎ᠡ ᠳᠤ ᠲᠤᠰ ᠲᠣᠰᠬᠤᠨ ᠤ ᠡᠷᠬᠢᠨ ᠲᠣᠭᠤᠷᠢᠨ ᠤ ᠤᠢ ᠰᠢᠭᠤᠢ ᠣᠭᠲᠣᠯᠣᠭᠳᠠᠨ ᠳᠠᠭᠤᠰᠬᠤ ᠰᠢᠬᠠᠵᠤ᠂ ᠠᠮᠢ ᠠᠬᠤᠢ ᠶᠢᠨ ᠡᠪᠳᠡᠭᠳᠡᠯ ᠠᠴᠠ ᠪᠣᠯᠵᠤ | ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠪᠣᠯᠵᠤ᠂ ᠠᠵᠤ ᠠᠬᠤᠢ ᠶᠢᠨ ᠣᠨᠴᠠᠭᠠᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠲᠠᠢ | ᠢᠯᠡ ᠲᠣᠳᠣ ᠬᠠᠷᠢᠴᠠᠭᠤᠯᠤᠯ ᠲᠠᠢ ᠪᠣᠯᠣᠭᠰᠠᠨ ᠶᠤᠮ᠃ ᠡᠭᠦᠨ ᠤ ᠲᠥᠯᠥᠭᠡ ᠨᠥᠬᠦᠷ ᠰᠢ ᠶᠢᠨ ᠫᠢᠩ ᠹᠦᠵᠢᠶᠠᠨ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ | ᠤᠷᠢᠳ ᠬᠤᠵᠢᠳᠬᠤᠶᠠᠷ ᠤᠳᠠᠭ᠎ᠠ ᠵᠢᠶᠦ᠋ᠨ ᠶᠢᠩ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠤ ᠠᠷᠠᠳ ᠤᠨᠭᠡᠷ ᠲᠤ | ᠬᠦᠷᠴᠦ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠣᠨ ᠣᠷᠣᠯᠭ᠎ᠠ ᠶᠢᠨ ᠪᠠᠶᠢᠳᠠᠯ ᠢ ᠣᠶᠢᠯᠠᠭᠠᠵᠤ᠂ ᠭᠠᠵᠠᠷ ᠣᠷᠣᠨ ᠤ ᠣᠨᠴᠠᠯᠢᠭ ᠲᠠᠭᠠᠨ | ᠲᠣᠬᠢᠷᠠᠭᠤᠯᠤᠨ ︽ᠠᠭᠤᠯᠠᠨ ᠳᠠᠭᠠᠨ ᠮᠣᠳᠣ ᠲᠠᠷᠢᠵᠤ᠂ ᠪᠤᠰᠤᠳ ᠭᠠᠵᠠᠷ ᠨᠤᠲᠤᠭ ᠢᠶᠠᠨ ᠨᠡᠭᠡᠭᠡᠨ ᠬᠥᠭᠵᠢᠭᠦᠯᠬᠦ︾ ᠬᠥᠭᠵᠢᠯᠲᠡ ᠶᠢᠨ ᠰᠡᠳᠬᠢᠴᠡ᠂ ᠲᠤᠬᠠᠶᠢᠯᠠᠪᠠᠯ | ᠠᠭᠤᠯᠠᠨ ᠳᠡᠭᠡᠷ᠎ᠡ ᠮᠣᠳᠣ ᠲᠠᠷᠢᠵᠤ ᠣᠶᠢᠵᠢᠭᠤᠯᠤᠨ ᠠᠮᠢ ᠠᠬᠤᠢ ᠶᠢ ᠬᠠᠮᠠᠭᠠᠯᠠᠬᠤ᠂ ᠠᠭᠤᠯᠠᠨ ᠠᠴᠠ ᠪᠤᠰᠤᠳ ᠭᠠᠵᠠᠷ ᠨᠤᠲᠤᠭ ᠲᠠᠭᠠᠨ ᠵᠢᠮᠢᠰ ᠴᠠᠢ | ᠲᠠᠷᠢᠵᠤ ᠠᠵᠤ ᠠᠬᠤᠢ ᠶᠢ ᠬᠥᠭᠵᠢᠭᠦᠯᠬᠦ ᠰᠡᠳᠬᠢᠴᠡ ᠶᠢ ᠳᠤᠷᠠᠳᠴᠠᠢ᠃ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠨᠢ ᠠᠰᠠᠭᠤᠳᠠᠯ ᠢ ᠬᠤᠷᠴᠠ ᠰᠡᠷᠭᠡᠭ ᠢᠶᠠᠷ ᠡᠵᠡᠮᠳᠡᠬᠦ ᠠᠴᠠ ᠪᠤᠢ ᠪᠣᠯᠵᠤ | ᠪᠦᠷᠢᠯᠳᠦᠭᠰᠡᠨ ᠶᠤᠮ᠃ ᠲᠤᠬᠠᠢ ᠶᠢᠨ ᠦᠶ᠎ᠡ ᠶᠢᠨ ᠰᠢᠶᠠᠮᠧᠨ ᠲᠦᠷᠭᠡᠨ ᠬᠥᠭᠵᠢᠵᠦ ᠪᠠᠶᠢᠬᠤ ᠶᠠᠪᠤᠴᠠ ᠳᠤ ᠣᠷᠴᠢᠨ ᠲᠣᠭᠤᠷᠢᠨ ᠤ ᠠᠰᠠᠭᠤᠳᠠᠯ ᠠᠭᠠᠵᠢᠮ | ᠠᠭᠠᠵᠢᠮ ᠢᠶᠠᠷ ᠢᠯᠡᠷᠡᠭᠰᠡᠨ ᠶᠤᠮ᠃ ᠨᠥᠬᠦᠷ ᠰᠢ ᠶᠢᠨ ᠫᠢᠡᠭ ᠰᠢᠶᠠᠮᠧᠨ ᠳᠤ ᠲᠤᠰᠢᠶᠠᠯ ᠳᠤ ᠭᠠᠷᠤᠭᠰᠠᠨ ᠤ ᠪᠠᠨ ᠳᠠᠷᠠᠭ᠎ᠠ ᠵᠢᠯ ᠳᠤᠨᠢ ᠳᠠᠷᠤᠢ ︽1985 | ᠣᠨ ᠠᠴᠠ 2000 ᠤᠨ ᠪᠣᠯᠲᠠᠯᠠᠬᠢ ᠰᠢᠶᠠᠮᠧᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ︾ ᠶᠢ ᠳᠤᠷᠠᠳᠤᠭᠰᠠᠨ ᠪᠥᠭᠡᠳ | ᠪᠡᠶ᠎ᠡ ᠪᠠᠷ ᠢᠶᠠᠨ ᠳᠠᠭᠠᠭᠤᠯᠤᠨ ᠵᠣᠬᠢᠶᠠᠨ ᠪᠠᠶᠢᠭᠤᠯᠵᠤ ᠨᠠᠶᠢᠷᠠᠭᠤᠯᠤᠨ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ | ᠠᠩᠬ᠎ᠠ ᠤᠳᠠᠭ᠎ᠠ ᠤᠨᠴᠠᠭᠠᠢ ᠤᠷᠤᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠵᠢᠨᠴᠢᠬᠤᠯᠠ ᠬᠠᠷᠠᠯᠳᠠ ᠳᠤ ᠣᠷᠣᠭᠤᠯᠤᠭᠰᠠᠨ ᠶᠤᠮ᠃ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢ ᠳᠠᠭᠠᠯᠳᠤᠨ᠂ ᠰᠢᠶᠠᠮᠧᠨ ᠤ ᠬᠢᠨ ᠳᠠᠯᠠᠢ ᠲᠠᠩᠭᠢᠰ ᠤᠨ ᠬᠠᠮᠢᠶᠠᠷᠤᠯᠲᠠ ᠶᠢᠨ ᠬᠠᠯᠠᠮᠰᠢᠯ | ᠠᠰᠠᠭᠤᠳᠠᠯ᠂ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠳᠠᠯᠠᠢ ᠲᠠᠩᠭᠢᠰ ᠤᠨ ᠬᠠᠮᠢᠶᠠᠷᠤᠯᠲᠠ ᠶᠢᠨ ᠠᠯᠪᠠᠨ ᠭᠡᠷ ᠢ ᠪᠠᠶᠢᠭᠤᠯᠤᠨ᠂ ᠪᠦᠬᠦ ᠤᠯᠤᠰ | ᠲᠤ ᠲᠡᠷᠢᠭᠦᠯᠡᠨ ᠲᠤᠰᠬᠠᠶᠢᠯᠠᠨ ᠳᠠᠯᠠᠢ ᠳᠡᠭᠡᠷ᠎ᠡ ᠴᠡᠪᠡᠷᠯᠡᠭᠡ ᠬᠢᠬᠦ ᠡᠩᠨᠡᠭᠡ ᠶᠢ ᠪᠠᠶᠢᠭᠤᠯᠵᠤ᠂ ᠬᠠᠶᠢᠷ ᠴᠢᠯᠠᠭᠤ ᠰᠢᠷᠣᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠠᠲᠠᠷ ᠠᠭᠤᠯᠠ ᠶᠢ ᠳᠠᠬᠢᠨ ᠨᠣᠭᠤᠭᠠᠷᠠᠭᠤᠯᠬᠤ ᠵᠡᠷᠭᠡ ᠨᠢᠭᠡ ᠪᠦᠯᠦᠭ ᠠᠷᠭ᠎ᠠ ᠬᠡᠮᠵᠢᠶ᠎ᠡ ᠠᠪᠤᠭᠰᠠᠨ ᠢᠶᠠᠷ ᠠᠮᠢ ᠠᠬᠤᠢ ᠣᠷᠴᠢᠨ ᠲᠣᠭᠤᠷᠢᠨ ᠤ ᠮᠠᠭᠤᠳᠠᠬᠤ | ᠬᠠᠨᠳᠤᠰᠢ ᠶᠢ ᠪᠦᠲᠦᠮᠵᠢᠲᠡᠢ ᠬᠤᠷᠢᠭᠯᠠᠵᠤ ᠴᠢᠳᠠᠭᠰᠠᠨ ᠶᠤᠮ᠃ | 2002 ᠣᠨ ᠳᠤ᠂ ᠲᠤᠬᠠᠢ ᠶᠢᠨ ᠦᠶ᠎ᠡ ᠶᠢᠨ ᠹᠦᠵᠢᠶᠠᠨ ᠮᠤᠵᠢ ᠶᠢᠨ ᠳᠠᠷᠤᠭ᠎ᠠ ᠪᠠᠶᠢᠭᠰᠠᠨ ᠰᠢ ᠶᠢᠨ ᠫᠢᠡᠭ ᠰᠢᠶᠠᠮᠧᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ︽ᠲᠤᠰ ᠠᠷᠠᠯ ᠪᠣᠯᠣᠨ ᠠᠷᠠᠯ ᠠᠯᠤᠰᠯᠠᠭᠰᠠᠨ ᠬᠥᠭᠵᠢᠯᠲᠡ ᠶᠢ ᠴᠢᠩᠭᠠᠳᠬᠠᠬᠤ︾ ᠪᠠᠶᠢᠯᠳᠤᠬᠤ ᠪᠣᠳᠣᠯᠭ᠎ᠠ ᠶᠢ ᠡᠭᠦᠳᠦᠯᠲᠡ | ᠰᠢᠨᠡᠴᠢᠯᠡᠯᠲᠡ ᠲᠠᠢ ᠪᠠᠷ ᠳᠤᠷᠠᠳᠴᠤ᠂ ︽ᠬᠤᠲᠠ ᠶᠢᠨ ᠣᠨᠴᠠᠯᠢᠭ ᠢ ᠲᠣᠪᠣᠶᠢᠯᠭᠠᠬᠤ ᠪᠠ ᠳᠠᠯᠠᠢ ᠶᠢᠨ ᠪᠤᠯᠤᠩ ᠤᠨ ᠠᠮᠢ ᠠᠬᠤᠢ ᠶᠢ ᠬᠠᠮᠠᠭᠠᠯᠠᠬᠤ ᠠᠵᠢᠯ ᠢ | ᠬᠠᠷᠢᠯᠴᠠᠨ ᠤᠶᠠᠯᠳᠤᠭᠤᠯᠬᠤ︾ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠠᠴᠠ ᠠᠪᠤᠭᠠᠳ᠂ ᠰᠢᠶᠠᠮᠧᠨ ᠤ ᠳᠠᠯᠠᠢ ᠲᠠᠩᠭᠢᠰ ᠤᠨ ᠠᠮᠢ ᠠᠬᠤᠶ ᠶᠢ ᠵᠠᠰᠠᠨ | ᠰᠡᠷᠭᠦᠭᠡᠬᠦ ᠠᠵᠢᠯ ᠨᠢ ᠡᠬᠡ ᠬᠠᠭᠤᠷᠠᠶ ᠠᠴᠠ ᠳᠠᠯᠠᠢ ᠲᠠᠩᠭᠢᠰ᠂ ᠨᠠᠭᠤᠷ ᠴᠥᠭᠦᠷᠥᠮ ᠠᠴᠠ ᠳᠠᠯᠠᠢ ᠶᠢᠨ ᠪᠤᠯᠤᠩ᠂ ᠰᠠᠪᠠ ᠭᠠᠵᠠᠷ ᠠᠴᠠ ᠪᠥᠬᠦ ᠤᠷᠤᠰᠬᠠᠯ ᠳᠠᠭᠠᠤ | ᠣᠷᠣᠨ ᠬᠦᠷᠲᠡᠯ᠎ᠡ ᠲᠠᠰᠤᠷᠠᠯᠲᠠ ᠥᠬᠡᠶ ᠥᠷᠭᠡᠵᠢᠭᠰᠡᠨ ᠶᠤᠮ᠃ | ᠠᠮᠢ ᠠᠬᠤᠶ ᠶᠢᠨ ᠲᠡᠯᠡᠶ ᠶᠢᠨ ᠪᠤᠯᠤᠩ ᠢ ᠪᠠᠶᠢᠭᠤᠯᠬᠤ ᠶᠢᠨ ᠲᠥᠯᠥᠭᠡ᠂ ᠰᠢᠶᠠᠮᠧᠨ ᠤᠷᠢᠳ ᠬᠤᠵᠢᠳ ᠦ᠋ ᠶᠤᠸᠠᠨᠸᠠᠨ ᠪᠤᠯᠤᠩ᠂ ᠰᠢᠩ ᠯᠢᠨ ᠸᠠᠨ ᠪᠤᠯᠤᠩ᠂ | ᠮᠠ ᠯᠤᠸᠠᠨ ᠸᠠᠨ ᠪᠤᠯᠤᠩ ᠵᠡᠷᠭᠡ ᠲᠠᠪᠤᠨ ᠪᠤᠯᠤᠩ ᠤᠨ ᠣᠷᠣᠨ ᠢ ᠶᠡᠷᠦᠩᠬᠡᠶᠢᠯᠡᠨᠴᠡᠭᠴᠡᠯᠡᠨ ᠵᠠᠰᠠᠵᠤ᠂ ᠵᠣᠷᠢᠭᠤᠳᠠ ᠲᠤᠰᠠᠭᠠᠷᠯᠠᠭᠰᠠᠨ ᠲᠡᠯᠡᠶ ᠶᠢᠨ ᠣᠷᠣᠨ ᠢ | ᠳᠠᠬᠢᠨ ᠵᠠᠯᠭᠠᠯᠳᠤᠭᠤᠯᠤᠨ ᠰᠠᠭᠠᠳ ᠥᠬᠡᠶᠨᠡᠪᠲᠡᠷᠡᠭᠦᠯᠵᠦ᠂ ᠳᠤᠮᠳᠠᠳᠤ ᠶᠢᠨ ᠴᠠᠭᠠᠨ ᠭᠠᠭ᠋ᠠᠶ ᠬᠠᠯᠢᠮᠤ ᠶᠢᠨ ᠣᠷᠣᠰᠢᠨ ᠲᠣᠭᠲᠠᠨᠢᠬᠤ ᠳᠤ ᠣᠷᠣᠨ ᠵᠠᠶ ᠶᠢ | ᠥᠷᠭᠡᠳᠬᠡᠵᠦ ᠥᠭᠭᠦᠭᠰᠡᠨ ᠪᠠᠶᠢᠨ᠎ᠠ᠃ | ᠤᠯᠠᠭᠠᠨ ᠮᠣᠳᠣᠨ ᠣᠶ ᠶᠢᠨ ᠨᠤᠭᠤ ᠭᠠᠵᠠᠷ ᠢ ᠳᠠᠬᠢᠨ ᠪᠠᠶᠢᠭᠤᠯᠬᠤ ᠶᠢᠨ ᠲᠥᠯᠥᠭᠡ᠂ ᠰᠢᠶᠠᠮᠧᠨ ᠤ ᠬᠢᠨ 173.9 ᠾᠧᠺᠲ᠋ᠠᠷ ᠤᠯᠠᠭᠠᠨ ᠮᠤᠳᠤ ᠲᠠᠷᠢᠭᠰᠠᠨ | ᠪᠠᠶᠢᠨ᠎ᠠ᠃ | ᠦᠵᠡᠰᠬᠦᠯᠡᠩᠲᠦ ᠰᠠᠶᠢᠬᠠᠨ ᠲᠠᠯᠠᠢ ᠶᠢᠨ ᠡᠷᠭᠢ ᠶᠢᠨ ᠱᠤᠭᠤᠮ ᠢ ᠪᠠᠶᠢᠭᠤᠯᠬᠤ ᠶᠢᠨ ᠲᠥᠯᠥᠭᠡ᠂ ᠰᠢᠶᠠᠮᠧᠨ ᠤᠷᠢᠳ ᠬᠤᠵᠢᠳ 165 ᠲᠦᠮᠡᠨ ᠲᠡᠭᠰᠢ | ᠳᠥᠷᠪᠡᠯᠵᠢᠨ ᠮᠧᠲᠷ ᠲᠠᠯᠠᠢ ᠶᠢᠨ ᠬᠥᠪᠡᠭᠡᠨ ᠤ ᠡᠯᠡᠰᠦᠨ ᠲᠠᠩ ᠢ ᠵᠠᠰᠠᠵᠦ ᠰᠡᠷᠬᠦᠭᠡᠨ ᠴᠡᠭᠴᠡᠯᠡᠨ ᠵᠠᠰᠠᠵᠦ᠂ ᠲᠠᠯᠠᠢ ᠶᠢᠨ ᠲᠠᠩ ᠢ ᠵᠠᠰᠠᠵᠦ ᠰᠡᠷᠬᠦᠭᠰᠡᠨ | ᠠᠮᠵᠢᠯᠲᠠ ᠲᠠᠢ ᠲᠤᠷᠰᠢᠯᠭ᠎ᠠ ᠨᠢ ᠮᠠᠨ ᠤ ᠤᠯᠤᠰ ᠤᠨ ᠡᠯᠡᠰᠦᠨ ᠲᠠᠩ ᠢ ᠵᠠᠰᠠᠵᠦ ᠰᠡᠷᠬᠦᠭᠡᠬᠦ ᠠᠵᠢᠯ ᠤᠨ ᠵᠦᠭᠯᠡᠬᠦᠷ ᠪᠤᠯᠤᠭᠰᠠᠨ ᠪᠠᠶᠢᠨ᠎ᠠ᠃ | ᠤᠳᠤ᠂ ᠪᠣᠬᠢᠷᠲᠤᠯ ᠦᠭᠡᠢ ᠬᠥᠭᠵᠢᠯᠲᠡ ᠨᠢ ᠨᠢᠭᠡᠨᠲᠡ ᠰᠢᠶᠠᠮᠧᠨ ᠤ ᠠᠵᠤ ᠠᠬᠤᠢ ᠨᠡᠶᠢᠭᠡᠮ ᠤᠨ ᠬᠥᠭᠵᠢᠯᠲᠡ ᠵᠢᠨᠡᠯ᠎ᠡ ᠲᠠᠯ᠎ᠠ ᠪᠠ ᠪᠦᠬᠦ ᠶᠠᠪᠤᠴᠠ ᠳᠤ | ᠲᠤᠤᠱᠯᠠᠭᠳᠠᠵᠤ᠂ ᠳᠠᠯᠠᠢ ᠲᠠᠩᠭᠢᠰ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠠᠷᠠᠭᠠᠯᠠᠨ 10% ᠠᠴᠠ ᠳᠡᠭᠡᠭᠰᠢᠬᠢ ᠨᠡᠮᠡᠭᠳᠡᠯ ᠢ ᠪᠠᠲᠤᠯᠠᠵᠤ᠂ | ᠳᠠᠯᠠᠢ ᠲᠠᠩᠭᠢᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠠᠷᠠᠯᠵᠢᠶ᠎ᠠ ᠶᠢ ᠨᠡᠶᠢᠳᠡ 14 ᠲᠦᠮᠡᠨ ᠲᠣᠨ ᠪᠡᠶᠡᠯᠡᠭᠦᠯᠵᠦ᠂ | ᠪᠦᠬᠦ ᠤᠯᠤᠰ ᠤᠨ ᠬᠦᠬᠡᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠭᠠᠰ ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃ | ᠤᠳᠤ᠂ ᠰᠢᠶᠠᠮᠧᠨ ᠶᠠᠭ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠡᠯ᠎ᠡ ᠲᠦᠷᠦᠯ ᠤᠨ ᠢᠨᠵᠧᠨᠧᠷᠢᠩ ᠤᠨ ᠲᠦᠷᠦᠯ ᠵᠦᠢᠯ ᠢ ᠦᠷᠭᠦᠯᠵᠢᠯᠡᠨ ᠨᠢᠭᠡ | ᠴᠤᠭᠴᠠᠵᠢᠭᠤᠯᠤᠨ ᠠᠬᠢᠭᠤᠯᠵᠤ᠂ ᠠᠭᠤᠯᠠ ᠶᠢᠨ ᠤᠷᠤᠢ ᠠᠴᠠ ᠳᠠᠯᠠᠢ ᠲᠠᠩᠭᠢᠰ ᠬᠦᠷᠲᠡᠯᠡᠬᠢ ᠬᠠᠮᠠᠭᠠᠯᠠᠵᠤ ᠵᠠᠰᠠᠨ ᠴᠡᠭᠴᠡᠯᠡᠬᠦ ᠶᠡᠭᠡ ᠪᠠᠶᠢᠷᠢᠰᠢᠯ ᠢ ᠱᠠᠯᠠᠪᠳᠠᠨ | ᠪᠠᠶᠢᠭᠤᠯᠵᠤ᠂ ︽ᠠᠭᠤᠯᠠ᠂ ᠳᠠᠯᠠᠢ᠂ ᠭᠠᠷᠤᠯᠲᠠ᠂ ᠬᠤᠳᠠ᠂ ᠬᠥᠮᠦᠨ︾ ᠤ ᠠᠭᠤᠰᠤᠯᠴᠠᠨ ᠬᠠᠮᠲᠤ ᠣᠷᠣᠰᠢᠬᠤ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ | | | | | |