ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2024/3/6
ᠰᠢ ᠶᠢᠨ ᠫᠢᠩ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠰᠠᠭᠠᠲᠠᠵᠤ ᠪᠠᠶᠠᠷ ᠬᠦᠷᠭᠡᠪᠡᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡᠱᠢ ᠲᠠᠢ ᠹᠧᠩ ᠬᠤᠷᠠᠯ ᠢ ᠡᠷᠭᠢᠯᠡᠵᠡᠢᠭᠤᠤ ᠶᠦᠨ ᠯᠦᠩ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4᠎ ᠤ ᠴᠠᠭᠢᠯᠭᠠᠨ ᠮᠡᠳᠡᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠳᠠᠷᠪᠠᠭᠤᠯ ᠬᠡᠶᠢᠰᠬᠡᠨ ᠡᠷᠡᠯᠬᠡᠭᠯᠡᠨ ᠲᠡᠮᠡᠴᠡᠵᠦ ᠴᠣ ᠰᠢᠨ᠎ᠡ ᠠᠶᠠᠨ ᠳᠤ ᠭᠠᠪᠢᠶ᠎ᠠ ᠪᠠᠶᠢᠭᠤᠯᠤᠨ᠎ᠠ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ 4᠎ ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ 2000 ᠭᠠᠷᠤᠢ ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ 

6384525213120434626096866.jpg

     

      3 ᠰᠠᠷ᠎ᠠ ᠶᠢᠨ 4᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ

ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ ᠪᠠᠶᠢᠭ᠎ᠠ ᠨᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ

      3 ᠰᠠᠷ᠎ᠠ ᠶᠢᠨ ᠪᠡᠭᠡᠵᠢᠩ ᠬᠤᠲᠠᠨ᠎ᠠ᠂ ᠤᠷᠢᠬᠠᠨ ᠬᠠᠪᠤᠷ ᠡᠬᠡ ᠭᠠᠵᠠᠷ ᠲᠤ ᠰᠠᠭᠠᠲᠠᠯ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ

ᠲᠠᠩᠬᠢᠮ ᠳᠤ ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨ ᠲᠠᠢ ᠪᠠᠶᠢᠯ᠎ᠠ᠃ ᠳᠤᠮᠳᠠᠳᠤ ᠤᠯᠤᠰ ᠤᠨ ᠠᠷᠠᠳ ᠤᠨ

ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ᠂ ᠬᠤᠷᠴᠠ ᠤᠯᠠᠭᠠᠨ ᠥᠩᠭᠡ ᠲᠠᠢ

ᠠᠷᠪᠠᠨ ᠤᠯᠠᠭᠠᠨ ᠲᠤᠭ ᠢ ᠬᠤᠶᠠᠷ ᠭᠠᠷᠯᠠᠭᠤᠯᠤᠨ ᠵᠢᠭᠰᠠᠭᠠᠪᠠ᠃

      ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠤᠯᠴᠠᠬᠤ

ᠶᠣᠰᠣᠲᠠᠢ ᠭᠡᠰᠢᠭᠦᠨ 2162 ᠬᠥᠮᠥᠨ ᠪᠤᠢ᠂ ᠪᠣᠳᠠᠲᠠᠢ ᠣᠷᠣᠯᠴᠠᠬᠰᠠᠨ ᠨᠢ 2093 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃

      ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ· ᠭᠧᠯᠧᠭᠨᠠᠮᠵᠢᠯ᠂ ᠾᠧ ᠾᠧᠦ ᠬᠤᠸᠠ᠂ ᠯᠢᠶᠠᠩ

ᠵᠧᠨ ᠶᠢᠩ᠂ ᠪᠠᠭᠠᠲᠤᠷ᠂ ᠰᠦ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ

ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ

ᠮᠥᠷ ᠲᠤ ᠰᠠᠭᠠᠲᠠᠪᠠ᠃

      ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ

ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃

      ᠦᠳᠡ ᠶᠢᠨ ᠬᠤᠶᠢᠨᠠᠬᠢ 3 ᠴᠠᠭ ᠲᠤ᠂ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠪᠣᠰᠴᠤ ᠵᠣᠭᠰᠣᠨ ᠪᠦᠭᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃

      ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ

ᠬᠤᠶᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃

      ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ

ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃

2.jpg

     

      3 ᠰᠠᠷ᠎ᠠ ᠶᠢᠨ 4᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ

ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ ᠪᠠᠶᠢᠭ᠎ᠠ ᠨᠢ᠃

     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ

      ᠸᠠᠩ ᠬᠤ᠋ ᠨᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠡᠭᠢᠯᠡᠯᠲᠡ ᠶᠢᠨ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ

ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠳᠣᠲᠣᠭᠠᠳᠤ

ᠭᠠᠳᠠᠭᠠᠳᠤ ᠶᠢᠨ ᠬᠦᠴᠢᠷ ᠪᠡᠷᠬᠡᠰᠢᠶᠡᠯ ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢ

ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠠᠮᠤᠷ

ᠲᠦᠪᠰᠢᠨ ᠬᠥᠭᠵᠢᠯᠲᠡ ᠶᠢᠨ ᠰᠠᠭᠤᠷᠢ ᠪᠠᠲᠤᠵᠢᠨ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠶ ᠪᠠᠶᠢᠵᠤ᠂ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂

ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠪᠦᠭᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠬᠥᠪᠴᠢᠯᠡᠵᠡᠢ ᠭᠡᠵᠦ ᠢᠯᠡᠳᠬᠡᠪᠡ᠃

      ᠸᠠᠩ ᠬᠤ᠋ ᠨᠢᠩ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠪᠡ᠃ ᠲᠡᠷᠡ᠂ ᠰᠢ ᠶᠢᠨ ᠫᠢᠩ

ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠪᠦᠭᠦ

ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ

ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ

ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾᠎ ᠢ ᠴᠢᠩᠭᠠᠳᠬᠠᠨ᠂ ︽ᠳᠥᠷᠪᠡᠨ

ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠨ᠂

ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ

ᠤᠯᠤᠰ ᠲᠦᠷᠦ ᠶᠢᠨ ᠵᠥᠪᠯᠡᠯᠭᠡᠨ ᠤ ᠠᠵᠢᠯ ᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ ᠤᠯᠤᠰ

ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠥᠷᠥ ᠶᠢᠨ ᠪᠣᠯᠪᠠᠰᠤᠷᠠᠯ ᠢ ᠴᠢᠩᠭᠠᠳᠬᠠᠨ᠂ ᠤᠯᠤᠰ ᠲᠥᠷᠥ ᠶᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ

ᠳᠦᠷᠢᠮ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ

ᠱᠠᠭᠠᠷᠳᠠᠯᠭ᠎ᠠ ᠶᠢ ᠲᠤᠭᠤᠰᠢᠯᠠᠭᠤᠯᠤᠨ᠂ ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ

ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ

ᠵᠥᠪᠯᠡᠨ᠂ ᠨᠠᠮ ᠪᠠ ᠤᠯᠤᠰ ᠤᠨ ᠭᠤᠣᠯ ᠡᠭᠦᠷᠭᠡ ᠳᠤ ᠦᠢᠯᠡᠴᠢᠯᠡᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ

ᠦᠢᠯᠡᠳᠦᠯᠭᠡᠵᠢᠭᠦᠯᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ᠂ ᠪᠦᠯᠬᠦᠮᠳᠡᠨ

ᠤᠷᠤᠭᠰᠢᠯᠠᠵᠤ᠂ ᠤᠳᠠᠭ᠎ᠠ ᠪᠦᠷᠢ ᠶᠢᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠠᠯᠪᠢᠭᠰᠠᠨ ᠰᠠᠶᠢᠨ ᠰᠠᠭᠤᠷᠢ ᠳᠡᠭᠡᠷ᠎ᠡ᠂ ᠡᠯ᠎ᠡ ᠵᠦᠢᠯ ᠤᠨ ᠠᠵᠢᠯ

ᠰᠢᠨ᠎ᠡ ᠦᠷ᠎ᠡ ᠪᠦᠲᠦᠮᠵᠢ ᠣᠯᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃

      ᠸᠠᠩ ᠬᠤ᠋ ᠨᠢᠩ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ︽ᠠᠷᠪᠠᠨ

ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠠᠷᠠᠳ ᠤᠨ

ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ

ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ

ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠠᠬᠢᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂

ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ ᠭᠡᠵᠦ ᠢᠯᠡᠳᠬᠡᠪᠡ᠃

      ᠸᠠᠩ ᠬᠤ᠋ ᠨᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ

ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ

ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ᠂ ᠬᠠᠮᠤᠭ ᠤᠨ ᠶᠡᠭᠡ ᠢᠵᠢᠯᠢ ᠲᠥᠪᠲᠦ

ᠲᠣᠭᠤᠷᠢᠭ ᠢ ᠰᠠᠶᠢᠲᠤᠷ ᠵᠢᠷᠤᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠬᠠᠮᠲᠤ ᠶᠢᠨ ᠤᠬᠠᠭᠠᠨ ᠨᠡᠶᠢᠳᠡ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ

ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ

ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ

ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃

      ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠶᠦᠨ ᠯᠦᠩ ᠤᠯᠤᠰ ᠲᠦᠷᠦ ᠶᠢᠨ ᠵᠥᠪᠯᠡᠯᠭᠡᠨ ᠤ ᠠᠷᠪᠠᠨ

ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠤᠯᠤᠰ ᠲᠦᠷᠦ ᠶᠢᠨ

ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ

ᠮᠡᠳᠡᠭᠦᠯᠦᠯᠲᠡ ᠬᠢᠪᠡ᠃ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ

ᠨᠠᠭᠠᠰᠢ᠂ ᠨᠡᠶᠢᠲᠡ 5621 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ 4791 ᠬᠤᠪᠢ ᠶᠢ ᠨᠢ ᠬᠡᠷᠡᠭ ᠪᠣᠯᠭᠠᠨ ᠳᠡᠩᠰᠡᠯᠡᠪᠡ᠃

2024 ᠣᠨ ᠤ 2 ᠰᠠᠷ᠎ᠠ ᠶᠢᠨ ᠰᠡᠭᠦᠯᠴᠢ ᠪᠤᠯᠲᠠᠯ᠎ᠠ᠂ 99.9%᠎ ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ᠃ ᠡᠯ᠎ᠡ

ᠳᠠᠭᠠᠭᠠᠨ ᠰᠢᠢᠳᠪᠦᠷᠢᠯᠡᠬᠦ ᠨᠢᠭᠡᠴᠢ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠮᠠᠰᠢ ᠤᠯᠠᠨ ᠰᠠᠨᠠᠯ ᠰᠠᠨᠠᠭᠤᠯᠭ᠎ᠠ ᠶᠢ ᠭᠥᠯᠢᠶᠡᠨ ᠠᠪᠤᠭᠰᠠᠨ ᠪᠥᠭᠡᠳ

ᠨᠠᠮ ᠪᠣᠯᠣᠨ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠰᠠᠯᠠᠭ᠎ᠠ ᠮᠥᠴᠢᠷ ᠤᠨ ᠠᠵᠢᠯ ᠳᠤ

ᠢᠯᠡᠷᠡᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠲᠦᠷᠪᠡᠨ ᠪᠦᠭᠦ ᠲᠠᠯ᠎ᠠ︾

᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃

      ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ

ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂

ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂

ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂

ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠡᠭ᠂ ᠱᠧᠨ ᠢ ᠴᠢᠨ᠂ ᠵᠠᠩ ᠵᠢᠶᠦ᠋ᠨ᠂ ᠶᠢᠩ ᠶᠦᠡᠭ ᠨᠠᠷ ᠪᠤᠢ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠭᠢᠯᠡᠯᠲᠡ ᠶᠢᠨ

ᠬᠤᠷᠠᠯ ᠳᠤ ᠰᠤᠯᠠ ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠤᠷᠢᠯᠭ᠎ᠠ ᠪᠠᠷ

ᠡᠭᠢᠯᠡᠯᠲᠡ ᠶᠢᠨ ᠬᠤᠷᠠᠯ ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ