| 3 ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠲᠡᠭᠦᠨ ᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠪᠠ᠃ | ᠾᠧ ᠯᠢ ᠹᠧᠩ ᠬᠢᠨᠠᠨ ᠵᠥᠪᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ | ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ | ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ | ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃ | | |