ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠠᠯᠴᠢᠬᠡᠷᠯᠠᠨ ᠮᠠᠯᠵᠢᠬᠤ ᠶᠢ ᠵᠣᠭᠰᠤᠭᠠᠬᠤ ᠲᠤᠬᠠᠢ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠷᠯᠠᠯ
ᠨᠡᠶᠢᠲᠡᠯᠡᠭᠰᠡᠨ ᠴᠠᠭ᠄
2024/4/1

        ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ

ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠤᠰᠠᠳᠠ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ

ᠠᠬᠤᠢ ᠶᠢᠨ ᠬᠠᠮᠠᠭᠠᠯᠠᠯᠲᠠ ᠶᠢᠨ ᠬᠠᠷᠢᠯᠴᠠᠨ ᠵᠣᠬᠢᠴᠠᠯᠳᠤᠬᠤ ᠶᠢ ᠲᠦᠯᠬᠢᠨ ᠠᠬᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ

ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ  ᠪᠠᠯᠴᠢᠬᠡᠷᠯᠠᠨ ᠮᠠᠯᠵᠢᠬᠤ

᠎ ᠶᠢ ᠵᠣᠭᠰᠤᠭᠠᠵᠤ ᠪᠠᠯᠴᠢᠬᠡᠷ ᠢ ᠰᠡᠷᠬᠦᠬᠡᠬᠦ ᠳᠦᠷᠢᠮ︾ ︽ᠤᠷᠠᠳ ᠤᠨ ᠬᠤᠶᠢᠲᠤ ᠬᠤᠰᠢᠭᠤᠨ ᠤ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠠᠰᠠᠭᠤᠳᠠᠯ ᠢ

ᠰᠢᠢᠳᠪᠦᠷᠢᠯᠡᠬᠦ ᠠᠷᠪᠠᠨ ᠠᠷᠭ᠎ᠠ ᠬᠡᠮᠵᠢᠶ᠎ᠡ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ

ᠦᠨᠳᠦᠰᠦᠯᠡᠨ᠂ ᠤᠷᠠᠳ ᠤᠨ ᠬᠤᠶᠢᠳᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ ᠡᠪᠡᠰᠦ ᠪᠡᠯᠴᠢᠭᠡᠷ ᠤᠨ ᠤᠷᠭᠤᠯᠲᠠ ᠶᠢᠨ ᠵᠢᠮ᠎ᠡ ᠶᠣᠰᠣ ᠲᠠᠢ

ᠤᠶᠠᠯᠳᠤᠭᠤᠯᠤᠨ᠂ 2024 ᠣᠨ ᠤ 4 ᠰᠠᠷ᠎ᠠ ᠶᠢᠨ 16᠎ ᠤ ᠡᠳᠦᠷ ᠠᠴᠠ ᠡᠬᠢᠯᠡᠨ 5 ᠰᠠᠷ᠎ᠠ ᠶᠢᠨ 30᠎ ᠤ ᠡᠳᠦᠷ ᠪᠣᠯᠲᠠᠯ᠎ᠠ ᠪᠥᠬᠦ ᠬᠤᠰᠢᠭᠤᠨ ᠤ ᠮᠠᠯ ᠪᠡᠯᠴᠢᠭᠡᠷ ᠢ

ᠲᠡᠩᠴᠡᠭᠦᠷᠢ ᠲᠠᠢ ᠪᠠᠶᠢᠯᠭᠠᠬᠤ ᠡᠷᠦᠬᠡ ᠳᠤ ᠬᠠᠪᠤᠷ ᠤᠨ ᠤᠯᠠᠷᠢᠯ ᠤᠨ ᠪᠠᠯᠴᠢᠬᠡᠷᠯᠠᠨ ᠮᠠᠯᠵᠢᠬᠤ ᠶᠢ ᠵᠤᠬᠰᠤᠭᠠᠬᠤ ᠲᠦᠷᠤ ᠶᠢᠨ  ᠪᠤᠳᠤᠯᠭ᠎ᠠ ᠶᠢ ᠬᠡᠷᠡᠭᠵᠢᠭᠦᠯᠬᠦ ᠪᠠᠷ

ᠲᠣᠭᠲᠠᠪᠠ᠂ ᠡᠨᠡ ᠨᠢ 45 ᠡᠳᠦᠷ ᠤᠨ ᠬᠤᠭᠤᠴᠠᠭ᠎ᠠ ᠲᠠᠢ᠃

        ᠡᠯ᠎ᠡ ᠰᠤᠮᠤ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷ ᠰᠡᠷᠭᠦᠭᠡᠬᠦ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠨᠤᠲᠤᠭ

ᠪᠡᠯᠴᠢᠭᠡᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ

ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠬᠦ ᠬᠡᠷᠡᠭᠲᠡᠢ᠃ ᠪᠡᠯᠴᠢᠭᠡᠷ ᠰᠡᠷᠬᠦᠬᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠡᠯᠴᠢᠭᠡᠷ  ᠰᠡᠷᠬᠦᠬᠡᠬᠦ ᠬᠤᠭᠤᠴᠠᠭᠠᠨ ᠳᠤ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠬᠡᠬᠦ ᠳᠦᠷᠢᠮ︾᠎ ᠢ

ᠴᠢᠩᠭ᠎ᠠ ᠬᠡᠷᠡᠭᠵᠢᠭᠦᠯᠦᠭᠰᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠷᠦᠬᠡ ᠶᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ 7 ᠡᠳᠦᠷ ᠢᠯᠡ ᠨᠡᠶᠢᠲᠡᠯᠡᠵᠦ᠂

ᠢᠯᠡ ᠨᠡᠶᠢᠲᠡᠯᠡᠬᠦ ᠬᠤᠭᠤᠴᠠᠭᠠᠨ ᠳᠤ ᠢᠯᠡᠴᠢᠯᠡᠨ ᠮᠡᠳᠡᠭᠦᠯᠦᠭᠰᠡᠨ ᠦᠭᠡᠢ᠂ ᠮᠠᠷᠭᠤᠭᠠᠨ ᠦᠭᠡᠢ ᠪᠠᠶᠢᠪᠠᠯ ᠱᠠᠩᠨᠠᠨ ᠬᠥᠬᠢᠭᠦᠯᠦᠨ᠎ᠡ᠃ ᠪᠡᠯᠴᠢᠭᠡᠷᠯᠡᠭᠦᠯᠬᠦ ᠶᠢ

ᠵᠣᠭᠰᠣᠭᠠᠭᠰᠠᠨ ᠬᠤᠭᠤᠴᠠᠭᠠᠨ ᠳᠤ ᠪᠡᠯᠴᠢᠭᠡᠷᠯᠡᠭᠦᠯᠦᠭᠰᠡᠨ ᠪᠣᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠴᠡᠭᠴᠡᠯᠡᠨ

ᠥᠭᠡᠷᠡᠴᠢᠯᠡᠭᠦᠯᠵᠦ᠂ ᠬᠠᠤᠯᠢ ᠠᠴᠠ ᠵᠥᠷᠢᠴᠡᠨ ᠪᠡᠯᠴᠢᠬᠡᠷᠯᠠᠨ ᠮᠠᠯᠵᠢᠬᠰᠠᠨ ᠮᠠᠯ ᠤᠨ ᠲᠤᠭ᠎ᠠ ᠪᠠᠷ ᠨᠢᠭᠡᠴᠡ ᠪᠤᠯᠭᠠᠨ 120 ᠲᠥᠭᠦᠷᠢᠭ ᠤᠨ ᠵᠣᠭᠤᠰ ᠢᠶᠠᠷ

ᠲᠣᠷᠭᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠱᠠᠩᠨᠠᠯ ᠤᠨ ᠮᠥᠩᠭᠦ ᠶᠢ ᠬᠠᠰᠤᠵᠤ ᠭᠠᠷᠭᠠᠨ᠎ᠠ᠃

      

        ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠢᠯᠡᠴᠢᠯᠡᠨ ᠮᠡᠳᠡᠭᠦᠯᠬᠦ ᠤᠲᠠᠰᠤ᠄

0478-4615957

        ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0478-4665053

        ᠪᠠᠶᠠᠨᠪᠤᠯᠠᠭ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-2391856

        ᠬᠦᠬᠡᠨ᠋ᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4608148

        ᠴᠤᠬᠠᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4912288

        ᠬᠦᠬᠡᠴᠤ ᠰᠤᠮᠤᠨ ᠤ ᠢᠯᠡᠴᠢᠯᠡᠨ ᠮᠡᠳᠡᠭᠦᠯᠬᠦ ᠤᠲᠠᠰᠤ ᠶᠢ ᠲᠤᠰᠴᠠᠢ᠄ 0478-4601050

        ᠤᠦ ᠶᠢᠨ ᠭᠤᠤᠯ ᠰᠤᠮᠤ ᠶᠢᠨ ᠢᠯᠡᠴᠢᠯᠡᠨ ᠮᠡᠳᠡᠭᠦᠯᠬᠦ ᠤᠲᠠᠰᠤ᠄ 0478-7989267

        ᠪᠠᠶᠠᠨᠴᠢᠨᠳᠠᠮᠤᠨᠢ ᠰᠤᠮᠤᠨ ᠤ ᠢᠯᠡᠴᠢᠯᠡᠨ ᠮᠡᠳᠡᠭᠦᠯᠬᠦ ᠤᠲᠠᠰᠤ᠄ 0478-2621369

                   ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ

                         2024 ᠣᠨ ᠤ 3 ᠰᠠᠷ᠎ᠠ ᠶᠢᠨ 26᠎ ᠤ ᠡᠳᠤᠷ

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ