ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/1

       ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠤᠯᠠᠮ ᠴᠣᠬᠢᠯᠲᠠ ᠥᠭᠬᠦ ᠪᠠ ᠰᠡᠷᠭᠡᠶᠢᠯᠡᠬᠦ ᠶᠢᠨ ᠲᠥᠯᠥᠭᠡ᠂

ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠲᠠᠢ ᠬᠠᠮᠲᠤᠷᠠᠨ᠂ ᠵᠢᠯ ᠤᠨ ᠡᠴᠦᠰ ᠣᠨ ᠤ ᠡᠬᠢᠨ ᠳᠤ ︽ᠦᠢ ᠲᠦᠮᠡᠨ ᠭᠡᠷ ᠪᠦᠯᠢ ᠴᠤᠭᠯᠠᠷᠠᠵᠤ᠂ ᠪᠦᠬᠦ ᠪᠦᠭᠦᠳᠡᠭᠡᠷ  ᠢᠶᠠᠨ ᠨᠤᠲᠤᠭ ᠎ ᠲᠤ  ᠪᠠᠨ

ᠪᠤᠴᠠᠬᠤ︾ ᠠᠰᠢᠭᠲᠠᠢ ᠴᠠᠭ ᠲᠣᠬᠢᠶᠠᠯ ᠢ ᠠᠰᠢᠭᠯᠠᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ

ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃

       ᠤᠬᠠᠭᠤᠯᠭ᠎ᠠ ᠶᠢᠨ ᠠᠵᠢᠯᠯᠠᠭ᠎ᠠ ᠶᠢᠨ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠳᠠᠯᠳᠤᠭᠠᠨ ᠤ ᠲᠠᠯᠠᠪᠤᠷ᠂ ᠲᠡᠷᠭᠡᠨ ᠥᠷᠲᠡᠭᠡ

ᠵᠡᠷᠭᠡ ᠬᠥᠮᠥᠨ ᠬᠠᠷ᠎ᠠ ᠣᠯᠠᠨ ᠴᠤᠭᠯᠠᠷᠠᠳᠠᠭ ᠲᠠᠯᠠᠪᠤᠷ ᠲᠤ ᠬᠦᠷᠴᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ

ᠳᠠᠮᠵᠢᠭᠤᠯᠤᠨ᠂ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠲᠣᠳᠣᠷᠬᠠᠶᠢᠯᠠᠯᠲᠠ ᠶᠢᠨ ᠬᠡᠯᠪᠡᠷᠢ ᠶᠢ ᠲᠠᠶᠢᠯᠪᠤᠷᠢᠯᠠᠬᠤ ᠶᠢᠨ ᠬᠠᠮᠲᠤ ᠪᠣᠳᠠᠲᠠᠢ

ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠲᠠᠨᠢᠬᠤ ᠪᠠ ᠰᠡᠷᠭᠡᠶᠢᠯᠡᠬᠦ᠂ ᠬᠠᠤᠯᠢ ᠪᠤᠰᠤ ᠪᠠᠷ ᠪᠡᠯᠡ

ᠴᠤᠭᠯᠠᠭᠤᠯᠬᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠶᠢ ᠬᠥᠲᠥᠯᠥᠨ ᠵᠢᠯᠣᠭᠤᠳᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 30

ᠭᠠᠷᠤᠢ ᠴᠠᠭᠳᠠᠭᠠᠨ ᠤ ᠬᠦᠴᠦᠨ ᠢ ᠬᠥᠳᠡᠯᠭᠡᠵᠦ᠂ 15 ᠬᠠᠭᠤᠳᠠᠰᠤ ᠵᠠᠷᠯᠠᠯ ᠨᠠᠭᠠᠵᠤ᠂ 400 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃

       ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠶᠠᠩᠵᠤ ᠬᠡᠯᠪᠡᠷᠢ ᠶᠢᠨ ᠬᠠᠤᠯᠢ

ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠬᠠᠤᠯᠢ ᠪᠤᠰᠤ ᠪᠠᠷ ᠪᠡᠯᠡ

ᠴᠤᠭᠯᠠᠭᠤᠯᠬᠤ ᠦᠢᠯᠡ ᠠᠵᠢᠯᠯᠠᠭ᠎ᠠ ᠶᠢᠨ ᠲᠤᠬᠠᠢ ᠣᠶᠢᠯᠠᠭᠠᠯᠲᠠ ᠪᠠ ᠢᠯᠭᠠᠨ ᠲᠠᠨᠢᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ᠂

ᠥᠪᠡᠷ ᠤᠨ ︽ᠵᠣᠭᠤᠰᠤᠨ ᠤᠭᠤᠲᠠ︾᠎ ᠪᠠᠨ ᠰᠠᠶᠢᠲᠤᠷ ᠰᠠᠬᠢᠬᠤ ᠶᠢ ᠦᠨᠡᠨ ᠬᠦ ᠬᠥᠲᠥᠯᠥᠨ ᠵᠢᠯᠣᠭᠤᠳᠪᠠ᠃

ᠢᠷᠡᠯᠲᠡ᠄ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ