ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ | ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠤᠰᠠᠳᠠ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠬᠠᠷᠢᠯᠴᠠᠨ ᠵᠣᠬᠢᠴᠠᠯᠳᠤᠬᠤ ᠶᠢ ᠲᠦᠯᠬᠢᠨ ᠠᠬᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠠᠯᠴᠢᠬᠡᠷᠯᠠᠨ ᠮᠠᠯᠵᠢᠬᠤ | ᠶᠢ ᠵᠣᠭᠰᠤᠭᠠᠵᠤ ᠪᠠᠯᠴᠢᠬᠡᠷ ᠢ ᠰᠡᠷᠬᠦᠬᠡᠬᠦ ᠳᠦᠷᠢᠮ︾ ︽ᠤᠷᠠᠳ ᠤᠨ ᠬᠤᠶᠢᠲᠤ ᠬᠤᠰᠢᠭᠤᠨ ᠤ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠠᠰᠠᠭᠤᠳᠠᠯ ᠢ | ᠰᠢᠢᠳᠪᠦᠷᠢᠯᠡᠬᠦ ᠠᠷᠪᠠᠨ ᠠᠷᠭ᠎ᠠ ᠬᠡᠮᠵᠢᠶ᠎ᠡ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠤᠷᠠᠳ ᠤᠨ ᠬᠤᠶᠢᠳᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ ᠡᠪᠡᠰᠦ ᠪᠡᠯᠴᠢᠭᠡᠷ ᠤᠨ ᠤᠷᠭᠤᠯᠲᠠ ᠶᠢᠨ ᠵᠢᠮ᠎ᠡ ᠶᠣᠰᠣ ᠲᠠᠢ | ᠤᠶᠠᠯᠳᠤᠭᠤᠯᠤᠨ᠂ 2024 ᠣᠨ ᠤ 4 ᠰᠠᠷ᠎ᠠ ᠶᠢᠨ 16 ᠤ ᠡᠳᠦᠷ ᠠᠴᠠ ᠡᠬᠢᠯᠡᠨ 5 ᠰᠠᠷ᠎ᠠ ᠶᠢᠨ 30 ᠤ ᠡᠳᠦᠷ ᠪᠣᠯᠲᠠᠯ᠎ᠠ ᠪᠥᠬᠦ ᠬᠤᠰᠢᠭᠤᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠡᠷᠦᠬᠡ ᠳᠤ ᠬᠠᠪᠤᠷ ᠤᠨ ᠤᠯᠠᠷᠢᠯ ᠤᠨ ᠪᠠᠯᠴᠢᠬᠡᠷᠯᠠᠨ ᠮᠠᠯᠵᠢᠬᠤ ᠶᠢ ᠵᠤᠬᠰᠤᠭᠠᠬᠤ ᠲᠦᠷᠤ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ | ᠲᠣᠭᠲᠠᠪᠠ᠂ ᠡᠨᠡ ᠨᠢ 45 ᠡᠳᠦᠷ ᠤᠨ ᠬᠤᠭᠤᠴᠠᠭ᠎ᠠ ᠲᠠᠢ᠃ | ᠡᠯ᠎ᠡ ᠰᠤᠮᠤ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷ ᠰᠡᠷᠭᠦᠭᠡᠬᠦ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠨᠤᠲᠤᠭ | ᠪᠡᠯᠴᠢᠭᠡᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠪᠡᠯᠴᠢᠭᠡᠷ ᠰᠡᠷᠬᠦᠬᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠡᠯᠴᠢᠭᠡᠷ ᠰᠡᠷᠬᠦᠬᠡᠬᠦ ᠬᠤᠭᠤᠴᠠᠭᠠᠨ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠬᠡᠬᠦ ᠳᠦᠷᠢᠮ︾ ᠢ | ᠴᠢᠩᠭ᠎ᠠ ᠬᠡᠷᠡᠭᠵᠢᠭᠦᠯᠦᠭᠰᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠷᠦᠬᠡ ᠶᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ 7 ᠡᠳᠦᠷ ᠢᠯᠡ ᠨᠡᠶᠢᠲᠡᠯᠡᠵᠦ᠂ | ᠢᠯᠡ ᠨᠡᠶᠢᠲᠡᠯᠡᠬᠦ ᠬᠤᠭᠤᠴᠠᠭᠠᠨ ᠳᠤ ᠢᠯᠡᠴᠢᠯᠡᠨ ᠮᠡᠳᠡᠭᠦᠯᠦᠭᠰᠡᠨ ᠦᠭᠡᠢ᠂ ᠮᠠᠷᠭᠤᠭᠠᠨ ᠦᠭᠡᠢ ᠪᠠᠶᠢᠪᠠᠯ ᠱᠠᠩᠨᠠᠨ ᠬᠥᠬᠢᠭᠦᠯᠦᠨ᠎ᠡ᠃ ᠪᠡᠯᠴᠢᠭᠡᠷᠯᠡᠭᠦᠯᠬᠦ ᠶᠢ | ᠵᠣᠭᠰᠣᠭᠠᠭᠰᠠᠨ ᠬᠤᠭᠤᠴᠠᠭᠠᠨ ᠳᠤ ᠪᠡᠯᠴᠢᠭᠡᠷᠯᠡᠭᠦᠯᠦᠭᠰᠡᠨ ᠪᠣᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠴᠡᠭᠴᠡᠯᠡᠨ | ᠥᠭᠡᠷᠡᠴᠢᠯᠡᠭᠦᠯᠵᠦ᠂ ᠬᠠᠤᠯᠢ ᠠᠴᠠ ᠵᠥᠷᠢᠴᠡᠨ ᠪᠡᠯᠴᠢᠬᠡᠷᠯᠠᠨ ᠮᠠᠯᠵᠢᠬᠰᠠᠨ ᠮᠠᠯ ᠤᠨ ᠲᠤᠭ᠎ᠠ ᠪᠠᠷ ᠨᠢᠭᠡᠴᠡ ᠪᠤᠯᠭᠠᠨ 120 ᠲᠥᠭᠦᠷᠢᠭ ᠤᠨ ᠵᠣᠭᠤᠰ ᠢᠶᠠᠷ | ᠲᠣᠷᠭᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠱᠠᠩᠨᠠᠯ ᠤᠨ ᠮᠥᠩᠭᠦ ᠶᠢ ᠬᠠᠰᠤᠵᠤ ᠭᠠᠷᠭᠠᠨ᠎ᠠ᠃ | | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠢᠯᠡᠴᠢᠯᠡᠨ ᠮᠡᠳᠡᠭᠦᠯᠬᠦ ᠤᠲᠠᠰᠤ᠄ | 0478-4615957 | ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0478-4665053 | ᠪᠠᠶᠠᠨᠪᠤᠯᠠᠭ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-2391856 | ᠬᠦᠬᠡᠨ᠋ᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4608148 | ᠴᠤᠬᠠᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4912288 | ᠬᠦᠬᠡᠴᠤ ᠰᠤᠮᠤᠨ ᠤ ᠢᠯᠡᠴᠢᠯᠡᠨ ᠮᠡᠳᠡᠭᠦᠯᠬᠦ ᠤᠲᠠᠰᠤ ᠶᠢ ᠲᠤᠰᠴᠠᠢ᠄ 0478-4601050 | ᠤᠦ ᠶᠢᠨ ᠭᠤᠤᠯ ᠰᠤᠮᠤ ᠶᠢᠨ ᠢᠯᠡᠴᠢᠯᠡᠨ ᠮᠡᠳᠡᠭᠦᠯᠬᠦ ᠤᠲᠠᠰᠤ᠄ 0478-7989267 | ᠪᠠᠶᠠᠨᠴᠢᠨᠳᠠᠮᠤᠨᠢ ᠰᠤᠮᠤᠨ ᠤ ᠢᠯᠡᠴᠢᠯᠡᠨ ᠮᠡᠳᠡᠭᠦᠯᠬᠦ ᠤᠲᠠᠰᠤ᠄ 0478-2621369 | | | | | ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 26 ᠤ ᠡᠳᠤᠷ | |