ᠤᠯᠠᠭᠠᠢ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠮᠡᠬᠡᠯᠡᠯ ᠤᠨ ᠬᠡᠷᠡᠭ ᠲᠤ ᠬᠤᠯᠪᠣᠭᠳᠠᠭᠰᠠᠨ ᠣᠷᠭᠤᠳᠠᠭᠤᠯ ᠬᠡᠷᠡᠭᠲᠡᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2024/4/1

       ᠰᠢᠯᠢ ᠶᠢᠨ ᠭᠤᠣᠯ ᠠᠶᠢᠮᠠᠭ ᠤᠨ ᠤᠯᠠᠭᠠᠢ ᠶᠢᠨ ᠬᠠᠮᠢᠶᠠᠷᠤᠯᠲᠠ ᠶᠢᠨ ᠲᠣᠭᠤᠷᠢᠭ ᠲᠤ ᠰᠦᠯᠵᠢᠶ᠎ᠡ ᠪᠠᠷ ᠨᠠᠶᠢᠵᠠᠯᠠᠨ ᠮᠡᠬᠡᠯᠡᠭᠰᠡᠨ ᠬᠡᠷᠡᠭ ᠭᠠᠷᠴᠤ᠂ ᠯᠥᠸᠧ

ᠣᠪᠣᠭᠲᠤ ᠲᠠᠭᠤ ᠬᠤᠪᠢᠷᠠᠭᠤᠯᠬᠤ ᠲᠥᠬᠦᠭᠡᠷᠦᠮᠵᠢ ᠪᠠᠷ ᠡᠮᠡᠭᠲᠡᠢ ᠬᠥᠮᠥᠨ ᠢᠶᠠᠷ ᠣᠪᠯᠠᠨ᠂ ᠰᠦᠯᠵᠢᠶ᠎ᠡ ᠪᠠᠷ ᠢᠨᠠᠭᠯᠠᠬᠤ ᠠᠷᠭ᠎ᠠ ᠪᠠᠷ ᠬᠤᠬᠢᠷᠠᠯ ᠠᠮᠰᠠᠭᠴᠢ ᠶᠢ 3

ᠲᠦᠮᠡ ᠭᠠᠷᠤᠢ ᠲᠥᠭᠦᠷᠢᠭ ᠮᠡᠬᠡᠯᠡᠨ ᠠᠪᠤᠭᠠᠳ ᠳᠤᠲᠠᠭᠠᠪᠠ᠃ ᠬᠤᠶᠠᠷ ᠵᠢᠯ ᠤᠨ ᠲᠤᠷᠰᠢ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠶᠡᠭᠡ ᠬᠡᠮᠵᠢᠶᠡᠨ ᠤ

ᠵᠠᠳᠠᠯᠤᠯᠲᠠ᠂ ᠰᠤᠳᠤᠯᠤᠨ ᠮᠠᠭᠠᠳᠯᠠᠯᠲᠠ ᠪᠠᠷ ᠳᠠᠮᠵᠢᠭᠤᠯᠤᠨ᠂ ᠣᠶᠢᠷ᠎ᠠ ᠶᠢᠨ ᠬᠤᠭᠤᠴᠠᠭᠠᠨ ᠳᠤ ᠭᠤᠸᠠᠩᠳᠦ᠋ᠩ ᠮᠤᠵᠢ ᠳᠤ ᠶᠠᠯ᠎ᠠ ᠬᠢᠭᠰᠡᠨ ᠰᠡᠵᠢᠭᠲᠡᠨ ᠤ ᠮᠡᠬᠡᠯᠡᠯ

ᠶᠠᠪᠤᠭᠤᠯᠬᠤ ᠣᠷᠣᠮᠵᠢ ᠶᠢ ᠲᠣᠭᠲᠠᠭᠠᠭᠰᠠᠨ ᠪᠥᠭᠡᠳ ᠲᠡᠷᠡ ᠳᠠᠷᠤᠢ ᠳᠤ ᠨᠢ ᠭᠠᠪᠰᠢᠭᠠᠢ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠪᠠᠷᠢᠪᠴᠢᠯᠠᠬᠤ ᠪᠠᠷ

ᠣᠴᠢᠪᠠ᠃ ᠲᠤᠬᠠᠢ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠤ ᠬᠠᠮᠵᠢᠯᠴᠠᠭ᠎ᠠ ᠪᠠᠷ ᠭᠤᠸᠠᠩᠳᠦ᠋ᠩ ᠮᠤᠵᠢ ᠳᠤ ᠡᠭᠦᠷᠯᠡᠵᠦ ᠪᠠᠶᠢᠭᠰᠠᠨ ᠨᠢᠭᠡᠨ ᠮᠡᠬᠡᠯᠡᠯ ᠤᠨ

ᠣᠷᠣᠮᠵᠢ ᠶᠢ ᠰᠦᠢᠷᠡᠭᠦᠯᠵᠦ᠂ ᠬᠡᠷᠡᠭ ᠤᠨ ᠪᠠᠭᠠᠵᠢ ᠬᠡᠷᠡᠭᠰᠡᠯ ᠢ ᠳᠠᠷᠤᠵᠤ ᠠᠪᠤᠭᠰᠠᠨ ᠪᠥᠭᠡᠳ ᠳᠤᠲᠠᠭᠠᠵᠤ ᠪᠠᠶᠢᠭ᠎ᠠ ᠯᠥᠸᠧ ᠣᠪᠣᠭᠲᠤ ᠶᠢ ᠪᠠᠷᠢᠪᠴᠢᠯᠠᠪᠠ᠃

6383883214332723342842640.jpg

      ᠯᠥᠸᠧ ᠣᠪᠣᠭᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠪᠣᠳᠠᠲᠤ ᠬᠡᠷᠡᠭ ᠢ ᠥᠴᠢᠭᠯᠡᠨ ᠮᠡᠳᠡᠷᠡᠵᠦ᠂ ᠬᠡᠷᠡᠭ ᠢ ᠤᠯᠠᠮ

ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃

ᠢᠷᠡᠯᠲᠡ᠄ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ