ᠬᠤᠴᠣᠷᠭᠠᠨ ᠠᠪᠴᠤ ᠬᠠᠷᠠᠬᠤ ᠴᠠᠭᠳᠠᠭᠠᠨ ᠤ ᠶᠠᠪᠤᠳᠠᠯ ᠤᠨ ᠰᠠᠭᠤᠷᠢ ᠶᠢ ᠪᠠᠬᠢᠵᠢᠭᠦᠯᠵᠦ ᠬᠠᠷᠠᠵᠤ ᠬᠠᠮᠠᠭᠠᠯᠠᠬᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/4/1

      2023 ᠣᠨ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠴᠣᠷᠭᠠᠨ ᠠᠪᠴᠤ ᠬᠠᠷᠠᠵᠤ ᠬᠠᠮᠠᠭᠠᠯᠠᠬᠤ ᠬᠢᠨᠠᠨ ᠵᠠᠬᠢᠷᠬᠤ

ᠲᠥᠪ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠪᠣᠯᠪᠠᠰᠤᠷᠠᠯ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠤᠢ ᠪᠣᠯᠭᠠᠬᠤ︾ ᠲᠤᠰᠬᠠᠢ

ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠭᠠᠷᠭᠠᠵᠤ᠂ ᠡᠩᠨᠡᠭᠡ ᠶᠢᠨ

ᠬᠠᠮᠢᠶᠠᠷᠤᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠡᠩᠨᠡᠭᠡ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠦᠷᠭᠦᠯᠵᠢᠯᠡᠨ

ᠠᠬᠢᠭᠤᠯᠵᠤ᠂ ᠰᠤᠷᠲᠠᠯ ᠪᠠᠲᠤᠲᠠᠢ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠦᠴᠦᠯᠡᠨ ᠪᠠᠶᠢᠭᠤᠯᠪᠠ᠃

      ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠪᠡ᠃ ᠲᠣᠭᠤᠷᠢᠨ ᠦᠵᠡᠵᠦ

ᠰᠤᠷᠤᠯᠴᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ︽ᠬᠤᠣᠰ ᠮᠡᠳᠡᠭᠦᠯᠬᠦ ᠬᠤᠣᠰ ᠮᠡᠳᠡᠭᠦᠯᠦᠯᠲᠡ ᠬᠤᠣᠰ ᠬᠢᠨᠠᠨ

ᠰᠢᠯᠭᠠᠯᠲᠠ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠬᠤᠩᠭᠢᠯ

ᠵᠡᠷᠭᠡ ᠠᠷᠭ᠎ᠠ ᠬᠡᠯᠪᠡᠷᠢ ᠪᠠᠷ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠦᠰᠡᠯᠡᠩ ᠢᠲᠡᠭᠡᠯ ᠪᠢᠰᠢᠷᠡᠯ ᠢ ᠲᠠᠰᠤᠷᠠᠯᠳᠡ ᠦᠭᠡᠢ ᠪᠠᠲᠤᠳᠬᠠᠵᠤ᠂

︽ᠲᠦᠷᠪᠡᠨ ᠤᠬᠠᠮᠰᠠᠷ︾᠎ ᠢ ᠴᠢᠩᠭᠠᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠡᠩᠨᠡᠭᠡ ᠶᠢᠨ

ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ ᠪᠠᠲᠤᠯᠠᠪᠠ᠃ ᠪᠦᠬᠦ ᠵᠢᠯ ᠳᠤ ᠤᠨᠤᠯ ᠢᠶᠠᠷ

ᠵᠡᠪᠰᠡᠭᠯᠡᠬᠦ ︽ᠰᠦᠭ ᠰᠦᠨᠡᠰᠦ ᠶᠢ ᠱᠤᠭᠤᠬᠤ︾ ᠢᠨᠵᠧᠨᠧᠷᠢᠩ ᠤᠨ ᠰᠤᠷᠤᠯᠴᠠᠯᠭ᠎ᠠ ᠶᠢ 90 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ

ᠭᠡᠰᠢᠭᠦᠳ ᠤᠨ ᠶᠡᠭᠡ ᠬᠤᠷᠠᠯ ᠢ 10 ᠤᠳᠠᠭ᠎ᠠ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ 12 ᠤᠳᠠᠭ᠎ᠠ᠂ ᠨᠠᠮ ᠤᠨ ᠡᠭᠦᠷ ᠤᠨ ᠱᠦᠵᠢ ᠶᠢ 10

ᠤᠳᠠᠭ᠎ᠠ ᠨᠠᠮ ᠤᠨ ᠬᠢᠴᠢᠶᠡᠯ ᠣᠷᠣᠭᠤᠯᠵᠤ᠂ ᠴᠢᠬᠡᠴᠢ ᠵᠠᠰᠠᠭ ᠢ 4 ᠤᠳᠠᠭ᠎ᠠ ᠲᠥᠪᠯᠡᠷᠡᠭᠦᠯᠦᠨ ᠰᠠᠨᠠᠭᠤᠯᠤᠨ ᠶᠠᠷᠢᠯᠴᠠᠪᠠ᠃

      ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ ᠬᠠᠷᠠᠭᠠᠯᠵᠠᠨ ᠬᠠᠮᠠᠭᠠᠯᠠᠵᠤ ᠵᠢᠵᠢᠭᠦᠷᠯᠡᠬᠦ ᠶᠢ ᠵᠢᠷᠤᠮᠵᠢᠭᠤᠯᠪᠠ᠃ ᠡᠳᠦᠷ ᠲᠤᠲᠤᠮ ᠤᠨ ᠡᠭᠦᠷᠭᠡ

ᠭᠦᠢᠴᠡᠳᠬᠡᠬᠦ ᠵᠢᠷᠤᠮᠵᠢᠯ ᠢᠶᠠᠷ ᠰᠤᠷᠭᠠᠭᠤᠯᠢᠯᠠᠯ ᠤᠨ ᠭᠤᠣᠯᠳᠠᠯᠭ᠎ᠠ ᠪᠣᠯᠭᠠᠵᠤ᠂ ︽ᠲᠠᠪᠤᠨ ᠪᠠᠭ᠎ᠠ ᠰᠤᠷᠭᠠᠭᠤᠯᠢᠯᠠᠯ︾᠎ ᠤᠨ ᠠᠵᠢᠯᠯᠠᠭ᠎ᠠ ᠥᠷᠨᠢᠭᠦᠯᠪᠡ᠃ ᠵᠢᠵᠢᠭᠦᠷᠯᠡᠬᠦ

ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠢ ᠳᠤ ᠨᠢ ᠵᠣᠬᠢᠬᠤ ᠪᠣᠯᠪᠠᠰᠤᠷᠠᠯ ᠤᠨ ᠲᠣᠬᠢᠷᠠᠭᠤᠯᠤᠯᠲᠠ ᠬᠢᠵᠦ᠂ ᠦᠢᠯᠡᠴᠢᠯᠡᠭᠡᠨ ᠤ

ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠷᠠᠵᠤ ᠬᠠᠮᠠᠭᠠᠯᠠᠬᠤ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃ ᠠᠵᠢᠯ ᠤᠨ ᠪᠣᠳᠠᠲᠤ ᠪᠠᠶᠢᠳᠠᠯ ᠳᠠᠭᠠᠨ

ᠰᠠᠭᠤᠷᠢᠯᠠᠨ᠂ ︽ᠳᠥᠷᠪᠡᠨ ᠠᠯᠬᠤᠮ ᠢᠶᠠᠷ ᠵᠢᠷᠤᠮᠵᠢᠭᠤᠯᠬᠤ ᠠᠷᠭ᠎ᠠ︾᠎ ᠪᠠᠷ ᠳᠠᠮᠵᠢᠭᠤᠯᠤᠨ᠂ ᠡᠩᠨᠡᠭᠡᠨ ᠤ ᠬᠠᠮᠢᠶᠠᠷᠤᠯᠲᠠ ᠶᠢ ᠬᠦᠴᠦᠯᠡᠨ ᠵᠢᠷᠤᠮᠵᠢᠭᠤᠯᠵᠤ᠂ ᠬᠠᠷᠠᠵᠤ

ᠬᠠᠮᠠᠭᠠᠯᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠰᠣᠷᠢᠯᠲᠠ ᠶᠢ ᠥᠷᠨᠢᠭᠦᠯᠵᠦ᠂ ᠪᠣᠳᠠᠲᠤ ᠪᠠᠶᠢᠯᠳᠤᠭᠠᠨ ᠤ

ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ᠂ ᠬᠠᠮᠵᠢᠯᠴᠠᠬᠤ ᠪᠣᠯᠪᠠᠰᠤᠷᠠᠯ ᠢ ᠴᠢᠩᠭᠠᠳᠬᠠᠵᠤ᠂ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠪᠥᠬᠦ

ᠲᠠᠯ᠎ᠠ ᠪᠠᠷ ᠳᠡᠭᠡᠭᠰᠢᠯᠡᠭᠦᠯᠪᠡ᠃

      ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠤᠨ ᠥᠨᠳᠥᠷ ᠪᠦᠲᠦᠮᠵᠢᠲᠡᠶ ᠨᠠᠷᠢᠯᠢᠭ ᠬᠠᠮᠢᠶᠠᠷᠤᠯᠲᠠ ᠶᠢ ᠲᠡᠭᠦᠯᠳᠡᠷᠵᠢᠭᠦᠯᠪᠡ᠃ ︽ᠡᠳᠦᠷ ᠲᠤ ᠡᠭᠡᠯᠵᠢ

ᠲᠤᠰᠢᠶᠠᠬᠤ᠂ ᠭᠠᠷᠠᠭ ᠤᠨ ᠲᠣᠭᠲᠠᠮᠠᠯ ᠬᠤᠷᠠᠯ ᠬᠢᠬᠦ᠂ ᠰᠠᠷ᠎ᠠ ᠳᠤ ᠵᠢᠭᠰᠠᠭᠠᠨ ᠪᠠᠶᠢᠴᠠᠭᠠᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ

ᠲᠥᠷᠥᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠨ᠂ ᠡᠯ᠎ᠡ ᠵᠦᠢᠯ ᠤᠨ ᠠᠵᠢᠯ ᠤᠨ

ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠳᠦᠷ ᠪᠦᠷᠢ ᠶᠢᠨ ᠥᠷᠯᠥᠭᠡ ᠶᠢᠨ ᠬᠤᠷᠠᠯ ᠳᠡᠭᠡᠷ᠎ᠡ ᠠᠵᠢᠯ ᠤᠨ ᠪᠠᠶᠢᠳᠠᠯ ᠢᠶᠠᠨ

ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠭᠠᠷᠠᠭ ᠪᠦᠷᠢ ᠶᠢᠨ ᠲᠦᠷᠪᠡᠨ ᠳᠤ ᠡᠯ᠎ᠡ

ᠶᠡᠭᠡ ᠠᠩᠭᠢ ᠶᠢᠨ ᠬᠢᠨ ᠳᠡᠭᠡᠷ᠎ᠡ ᠭᠠᠷᠠᠭ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠤᠰ ᠭᠠᠷᠠᠭ ᠤᠨ ᠠᠵᠢᠯ ᠤᠨ ᠲᠥᠯᠥᠪᠯᠡᠭᠡ ᠪᠠᠨ ᠳᠤᠷᠠᠳᠴᠤ᠂

ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠰᠠᠭᠤᠳᠠᠯ ᠪᠣᠯᠣᠨ ᠬᠦᠷᠦᠯᠴᠡᠬᠦ

ᠦᠭᠡᠢ ᠲᠠᠯ᠎ᠠ ᠶᠢ ᠵᠢᠭᠠᠨ ᠭᠠᠷᠭᠠᠵᠤ᠂ ᠠᠵᠢᠯ ᠤᠨ ᠪᠠᠶᠢᠷᠢᠯᠠᠭᠤᠯᠤᠯᠲᠠ ᠬᠢᠵᠦ᠂ ᠡᠯ᠎ᠡ ᠲᠦᠷᠦᠯ ᠤᠨ ᠠᠵᠢᠯ ᠤᠨ ︽ᠭᠤᠭᠴᠤᠭ᠎ᠠ︾᠎ ᠶᠢ ᠪᠦᠷᠢᠯᠳᠦᠭᠦᠯᠬᠦ ᠶᠢ ᠠᠬᠢᠭᠤᠯᠪᠠ᠃

ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠷ᠎ᠠ ᠪᠦᠷᠢ ᠨᠢᠭᠡ ᠤᠳᠠᠭ᠎ᠠ ᠬᠢᠵᠦ᠂ ᠠᠯᠪᠠᠨ ᠠᠵᠢᠯ᠂ ᠲᠠᠯᠠᠪᠤᠷ ᠭᠠᠵᠠᠷ᠂ ᠡᠩᠨᠡᠭᠡ ᠵᠡᠷᠭᠡ

ᠲᠠᠯ᠎ᠠ ᠳᠤ ︽ᠬᠡᠪᠢᠰ ᠮᠠᠶ᠋ᠢᠭ︾᠎ ᠤᠨ ᠶᠡᠭᠡ ᠵᠢᠭᠰᠠᠭᠠᠨ ᠪᠠᠶᠢᠴᠠᠭᠠᠯᠲᠠ ᠬᠢᠬᠦ ᠶᠢ ᠴᠢᠩᠳᠠᠯᠠᠵᠤ᠂ ᠠᠮᠤᠷ ᠲᠦᠪᠰᠢᠨ ᠤ ᠵᠠᠳᠠᠯᠤᠯᠲᠠ ᠶᠢᠨ ᠬᠤᠷᠠᠯ ᠬᠢᠵᠦ᠂ ᠪᠠᠭᠤᠷᠠᠢ

ᠭᠤᠭᠴᠤᠭ᠎ᠠ ᠪᠠ ᠡᠮᠵᠡᠭ ᠲᠠᠯ᠎ᠠ ᠶᠢ ᠴᠠᠭ ᠲᠤᠬᠠᠢ ᠳᠤ ᠨᠢ ᠡᠷᠢᠵᠦ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠪᠡ᠃ ᠴᠠᠭ ᠲᠤᠬᠠᠢ ᠳᠤ ᠨᠢ

ᠴᠠᠭᠳᠠᠭ᠎ᠠ ᠶᠢ ᠬᠠᠶᠢᠷᠠᠯᠠᠬᠤ ᠬᠠᠯᠠᠮᠵᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ︽ᠬᠤᠣᠰ ᠳᠥᠷᠪᠡ ᠨᠢᠭᠡ︾᠎ ᠶᠢᠨ ᠲᠣᠭᠲᠠᠴᠠ ᠶᠢ ᠢᠳᠡᠪᠬᠢᠲᠡᠢ ᠪᠠᠷ

ᠬᠠᠶᠢᠨ ᠰᠦᠪᠡᠭᠴᠢᠯᠡᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤ ︽ᠳᠥᠷᠪᠡᠨ ᠮᠡᠳᠡᠭᠦᠯᠦᠯᠲᠡ

ᠬᠢᠵᠦ᠂ ᠨᠢᠭᠡ ᠶᠢ ᠲᠦᠰᠢᠭᠯᠡᠬᠦ︾ ᠪᠣᠯᠪᠠ ︵ᠥᠪᠡᠷ ᠤᠨ ᠬᠠᠮᠢᠭ᠎ᠠ ᠪᠠᠶᠢᠬᠤ᠂ ᠶᠠᠭᠤ ᠬᠢᠬᠦ᠂ ᠶᠠᠭᠤ ᠪᠤᠳᠤᠬᠤ᠂ ᠣᠳᠣᠬᠠᠨ ᠳᠤ ᠶᠠᠭᠤ ᠬᠡᠷᠡᠭᠰᠡᠬᠦ᠂ ᠬᠦᠴᠢᠷᠳᠡᠯ ᠪᠠ

ᠠᠰᠠᠭᠤᠳᠠᠯ ᠲᠤᠯᠭᠠᠷᠠᠪᠠᠯ ᠵᠣᠬᠢᠶᠠᠨ ᠪᠠᠶᠢᠭᠤᠯᠤᠯᠲᠠ ᠶᠢ ᠲᠦᠰᠢᠭᠯᠡᠬᠦ ᠬᠡᠷᠡᠭᠲᠡᠢ ᠭᠡᠳᠡᠭ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠪᠡ︶᠃ ᠬᠤᠯᠪᠣᠭᠳᠠᠯ ᠪᠦᠬᠦᠢ

ᠬᠠᠷᠢᠭᠤᠴᠠᠯᠭᠠᠲᠠᠨ ᠨᠥᠬᠦᠳ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠤᠬᠠᠢ ︽ᠳᠥᠷᠪᠡ ᠶᠢ ᠮᠡᠳᠡᠵᠦ᠂ ᠨᠢᠭᠡ ᠶᠢ ᠳᠠᠭᠠᠵᠤ ᠠᠮᠵᠢᠬᠤ︾ ᠪᠣᠯᠪᠠ

︵ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠮᠢᠭ᠎ᠠ ᠪᠠᠶᠢᠬᠤ᠂ ᠶᠠᠭᠤ ᠬᠢᠬᠦ᠂ ᠶᠠᠭᠤ ᠪᠤᠳᠤᠬᠤ᠂ ᠣᠳᠣᠬᠠᠨ ᠳᠤ ᠶᠠᠭᠤ ᠬᠡᠷᠡᠭᠴᠡᠭᠡ ᠲᠠᠢ ᠪᠠᠶᠢᠬᠤ ᠶᠢ ᠴᠠᠭ

ᠲᠤᠬᠠᠢ ᠳᠤ ᠨᠢ ᠮᠡᠳᠡᠬᠦ ᠬᠡᠷᠡᠭᠲᠡᠢ᠂ ᠦᠵᠡᠯ ᠰᠠᠨᠠᠭᠠᠨ ᠤ ᠠᠵᠢᠯ ᠢ ᠴᠠᠭ ᠲᠤᠬᠠᠢ ᠳᠤ ᠨᠢ ᠳᠠᠭᠠᠵᠤ ᠠᠮᠵᠢᠪᠠ︶᠃ ︽ᠬᠤᠣᠰ ᠳᠥᠷᠪᠡ ᠨᠢᠭᠡ︾᠎ ᠶᠢᠨ ᠲᠣᠭᠲᠠᠴᠠ ᠪᠠᠷ

ᠳᠠᠮᠵᠢᠭᠤᠯᠤᠨ᠂ ᠣᠯᠠᠨ ᠤ ᠠᠵᠢᠯ᠂ ᠠᠮᠢᠳᠤᠷᠠᠯ᠂ ᠭᠡᠷ ᠪᠦᠯᠢ ᠵᠢᠴᠢ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ᠂ ᠠᠷᠠᠳ ᠤᠨ ᠴᠠᠭᠳᠠᠭ᠎ᠠ

ᠬᠠᠪᠰᠤᠷᠤᠭᠴᠢ ᠴᠠᠭᠳᠠᠭ᠎ᠠ ᠶᠢ ᠦᠨᠡᠨ ᠬᠦ ᠬᠠᠶᠢᠷᠠᠯᠠᠨ ᠬᠠᠯᠠᠮᠵᠢᠯᠠᠪᠠ᠃

ᠢᠷᠡᠯᠲᠡ᠄ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ