ᠸᠠᠩ ᠶᠢᠨ ᠪᠦᠦ ᠱᠠᠨᠳᠦ᠋ᠩ ᠤᠨ ᠰᠢᠵᠢᠷ ᠠᠯᠳᠠᠨ ᠤ ᠪᠦᠯᠦᠭᠯᠡᠯ ᠤᠨ ᠠᠭᠤᠷᠬᠠᠢ ᠶᠢᠨ ᠬᠠᠮᠢᠶᠠᠷᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ᠂ ᠴᠠᠩ ᠲᠠᠢ ᠠᠭᠤᠷᠬᠠᠢ ᠶᠢᠨ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠽᠠᠢ ᠲᠤᠤ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/11

       ᠦᠢᠷ᠎ᠠ ᠶᠢᠨ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠱᠠᠨᠳᠦ᠋ᠩ ᠤᠨ ᠶᠢᠨ ᠰᠢᠵᠢᠷ ᠠᠯᠳᠠᠨ ᠤ ᠪᠦᠯᠦᠭᠯᠡᠯ ᠤᠨ

ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠬᠠᠮᠢᠶᠠᠷᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ᠂ ᠴᠠᠩ ᠲᠠᠢ ᠠᠭᠤᠷᠬᠠᠢ ᠶᠢᠨ ᠦᠢᠯᠡᠰ ᠤᠨ ᠬᠡᠷᠡᠭ

ᠮᠡᠳᠡᠭᠴᠢᠳ ᠤᠨ ᠳᠠᠷᠤᠭ᠎ᠠ ᠯᠢᠦ ᠽᠠᠢ ᠲᠤᠸ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ

ᠰᠠᠨᠠᠯ ᠢᠶᠠᠨ ᠭᠦᠨᠵᠡᠭᠡᠢ ᠰᠣᠯᠢᠯᠴᠠᠪᠠ ᠃   

6501.jpg

      ᠸᠠᠩ ᠶᠢᠨ ᠪᠦᠦ ᠡᠩ ᠲᠡᠷᠢᠭᠦᠨ ᠳᠤ ᠯᠢᠦ ᠽᠠᠢ ᠲᠤᠤ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠸᠠᠩ ᠶᠢᠨ ᠪᠦᠦ

ᠬᠡᠯᠡᠬᠦ ᠳᠡᠭᠡᠨ᠂ ᠤᠷᠠᠳ ᠤᠨ ᠬᠤᠶᠢᠲᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠳᠪᠦᠷᠢ ᠶᠢᠨ

ᠬᠦᠷᠢᠶᠡᠯᠡᠩ ᠤᠨ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠲᠤᠬᠳᠠᠭᠤᠨ ᠪᠦᠬᠡᠳ

ᠲᠦᠷᠭᠡᠨ  ᠬᠦᠭᠵᠢᠵᠤ᠂ ᠪᠡᠯᠡ ᠣᠷᠣᠭᠤᠯᠤᠨ ᠨᠡᠭᠡᠭᠡᠨ ᠬᠥᠭᠵᠢᠭᠦᠯᠬᠦ ᠯᠤᠲᠤ ᠶᠡᠭᠡ ᠳᠠᠯᠳᠠ ᠬᠦᠴᠦᠨ ᠲᠠᠢ ᠶᠤᠮ᠃ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ᠂

ᠰᠢᠵᠢᠷ ᠠᠯᠲᠠᠨ ᠤ ᠭᠠᠷᠤᠯᠲᠠ᠂ ᠡᠬᠢ ᠪᠠᠶᠠᠯᠢᠭ ᠤᠨ ᠨᠥᠭᠡᠴᠡ᠂ ᠠᠵᠤ ᠠᠬᠤᠢ ᠶᠢᠨ ᠦᠷ᠎ᠡ ᠠᠰᠢᠭ᠂ ᠮᠡᠷᠭᠡᠵᠢᠯ ᠤᠨ ᠪᠣᠳᠠᠲᠤ ᠬᠦᠴᠦᠨ᠂ ᠣᠶᠤᠨᠴᠢᠯᠠᠭᠰᠠᠨ ᠬᠢᠷᠢ

ᠲᠦᠪᠰᠢᠨ ᠵᠢᠴᠢ ᠴᠢᠳᠠᠪᠤᠷᠢᠲᠠᠨ ᠤ ᠳᠠᠪᠠᠭᠤᠯᠢᠭ ᠨᠢ ᠴᠥᠮ ᠪᠥᠬᠦ ᠤᠯᠤᠰ ᠤᠨ ᠰᠢᠵᠢᠷ ᠠᠯᠲᠠᠨ ᠤ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠃

ᠺᠣᠮᠫᠠᠨᠢ ᠨᠢ ᠠᠯᠲᠠ ᠮᠠᠯᠲᠠᠬᠤ ᠪᠠᠷ ᠭᠤᠣᠯ ᠠᠵᠢᠯ ᠢᠶᠠᠨ ᠪᠣᠯᠭᠠᠵᠤ᠂ ᠬᠠᠶᠢᠨ ᠰᠢᠨᠵᠢᠯᠡᠭ᠊ ‍ᠤ᠋᠂ ᠠᠭᠤᠷᠬᠠᠢ ᠮᠠᠯᠲᠠᠬᠤ᠂ ᠬᠦᠳᠡᠷ ᠰᠢᠯᠢᠬᠦ᠂ ᠲᠡᠮᠦᠷᠯᠢᠭ ᠪᠣᠯᠪᠠᠰᠤᠷᠠᠭᠤᠯᠬᠤ

︵ᠨᠠᠷᠢᠯᠢᠭ ᠪᠣᠯᠪᠠᠰᠤᠷᠠᠭᠤᠯᠬᠤ︶ ᠪᠠ ᠠᠯᠲᠠᠨ ᠤ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ

ᠠᠵᠤ ᠦᠢᠯᠡᠰ ᠤᠨ ᠬᠡᠯᠬᠢᠶ᠎ᠡ ᠲᠠᠢ ᠪᠥᠭᠡᠳ ᠲᠡᠭᠦᠨ ᠯᠦᠭᠡ ᠢᠵᠢ ᠪᠦᠷᠢᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮ ᠲᠠᠢ ᠪᠠᠶᠢᠵᠤ᠂

ᠠᠯᠲᠠᠨ ᠤ ᠭᠠᠷᠤᠯᠲᠠ᠂ ᠡᠬᠢ ᠪᠠᠶᠠᠯᠢᠭ ᠤᠨ ᠨᠥᠭᠡᠴᠡᠯᠡᠯ᠂ ᠠᠵᠤ ᠠᠬᠤᠢ ᠶᠢᠨ ᠦᠷ᠎ᠡ ᠠᠰᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠵᠢᠴᠢ

ᠴᠢᠳᠠᠪᠤᠷᠢᠲᠠᠨ ᠤ ᠳᠠᠪᠠᠭᠤᠯᠢᠭ ᠨᠢ ᠴᠥᠮ ᠤᠯᠤᠰ ᠤᠨ ᠳᠣᠲᠣᠭᠠᠳᠤ ᠶᠢᠨ ᠠᠯᠲᠠᠨ ᠤ ᠠᠵᠢᠯ ᠲᠦᠷᠦᠯ ᠤᠨ ᠲᠡᠷᠢᠭᠦᠨ ᠤ ᠪᠠᠶᠢᠷᠢᠨ ᠳᠤ ᠣᠷᠣᠰᠢᠨ᠎ᠠ᠃

6502.jpg

      ᠸᠠᠩ ᠶᠢᠨ ᠪᠦᠦ ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠱᠠᠨᠳᠦ᠋ᠩ ᠤᠨ ᠶᠢᠨ ᠰᠢᠵᠢᠷ ᠠᠯᠳᠠᠨ ᠤ

ᠪᠦᠯᠦᠭᠯᠡᠯ ᠤᠨ ᠤᠷᠠᠳ ᠤᠨ ᠬᠤᠶᠢᠲᠤ ᠬᠤᠰᠢᠭᠤᠨ ᠳᠠᠬᠢ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠠᠳ ᠤᠨ ᠬᠤᠶᠢᠲᠤ ᠬᠤᠰᠢᠭᠤᠨ ᠤ

᠎ ᠬᠢᠨ ᠠᠵᠤ ᠠᠬᠤᠶᠢᠯᠠᠯ ᠤᠨ ᠲᠥᠷᠥᠯ ᠵᠦᠢᠯ ᠤᠨ  ᠭᠠᠷ ᠬᠦᠢᠴᠡᠳᠬᠡᠯ᠂ ᠠᠵᠢᠯᠯᠠᠬᠤ ᠭᠠᠵᠠᠷ ᠢ ᠰᠣᠩᠭᠤᠬᠤ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠠᠵᠤ

ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠤᠨ ᠣᠷᠣᠨ ᠨᠤᠲᠤᠭ ᠤᠨ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ

ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠨ᠎ᠡ ᠭᠡᠵᠡᠢ᠃ ᠣᠷᠣᠨ ᠨᠤᠲᠤᠭ᠂ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ

ᠬᠠᠮᠲᠤᠳᠬᠠᠵᠤ᠂ ᠬᠠᠷᠢᠯᠴᠠᠨ ᠠᠰᠢᠭᠲᠠᠢ ᠬᠠᠷᠢᠯᠴᠠᠨ ᠬᠠᠪᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠯᠪᠡᠷᠢ ᠶᠢ

ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠠᠵᠤ ᠠᠬᠤᠶᠢᠯᠠᠯ ᠤᠨ ᠪᠠᠶᠠᠵᠢᠬᠤ᠂ ᠣᠷᠣᠨ ᠨᠤᠲᠤᠭ ᠤᠨ ᠬᠥᠭᠵᠢᠯᠲᠡ᠂ ᠠᠷᠠᠳ ᠤᠯᠠᠨ ᠳᠤ

ᠠᠰᠢᠭ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ᠃ ᠸᠠᠩ ᠶᠢᠨ ᠪᠦᠦ ᠠᠵᠤ ᠠᠬᠤᠶᠢᠯᠠᠯ ᠤᠨ ᠬᠢᠨ ᠬᠠᠮᠢᠶᠠᠷᠤᠯᠲᠠ ᠪᠠ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠤᠯᠠᠮ

ᠨᠢᠭᠡ ᠠᠯᠬᠤᠮ ᠴᠢᠩᠭᠠᠳᠬᠠᠵᠤ᠂ ᠣᠲᠣ ᠶᠢᠨ ᠪᠠᠶᠢᠭ᠎ᠠ ᠠᠵᠤ ᠦᠢᠯᠡᠰ ᠲᠡᠭᠡᠨ ᠲᠦᠰᠢᠭᠯᠡᠨ᠂ ᠲᠣᠰ ᠪᠡᠶ᠎ᠡ ᠶᠢᠨ ᠳᠠᠪᠠᠭᠤᠯᠢᠭ ᠡᠬᠢ ᠪᠠᠶᠠᠯᠢᠭ ᠢᠶᠠᠨ ᠪᠠᠳᠠᠷᠠᠭᠤᠯᠵᠤ᠂

︽ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ︾ ᠳᠡᠭᠡᠷ᠎ᠡ ᠬᠦᠴᠦ ᠲᠠᠯᠪᠢᠵᠤ᠂ ᠣᠯᠠᠨ ᠬᠦᠷᠢᠶᠡᠨ ᠳᠤ ᠤᠷᠠᠳ ᠤᠨ

ᠬᠤᠶᠢᠲᠤ ᠬᠤᠰᠢᠭᠤ ᠯᠤᠭ᠎ᠠ ᠶᠢᠨ ᠬᠠᠮᠲᠤᠷᠠᠯᠴᠠᠭ᠎ᠠ ᠶᠢ ᠡᠷᠢᠯᠬᠢᠯᠡᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ

ᠬᠠᠮᠲᠤ ᠪᠠᠷ ᠠᠰᠢᠭ ᠭᠥᠷᠳᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃

6503.jpg

      ᠯᠢᠦ ᠽᠠᠢ ᠲᠤᠤ ᠪᠦᠯᠦᠭᠯᠡᠯ ᠤᠨ ᠪᠠᠶᠢᠳᠠᠯ ᠪᠣᠯᠣᠨ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ ᠲᠠᠨᠢᠯᠴᠠᠭᠤᠯᠤᠭᠰᠠᠨ ᠤ ᠬᠠᠮᠲᠤ᠂ ᠱᠠᠨᠳᠦ᠋ᠩ ᠤᠨ

ᠰᠢᠵᠢᠷ ᠠᠯᠳᠠᠨ ᠤ ᠪᠦᠯᠦᠭᠯᠡᠯ ᠡᠬᠢ ᠪᠠᠶᠠᠯᠢᠭ ᠢ ᠨᠢᠢᠳᠬᠡᠬᠦ ᠪᠠᠨ ᠲᠦᠷᠭᠡᠳᠬᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂

ᠠᠮᠤᠷ ᠲᠦᠪᠰᠢᠨ ᠪᠣᠯᠣᠨ ᠳᠣᠲᠣᠭᠠᠳᠤ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠦᠲᠦᠴᠡ ᠨᠢ ᠨᠡᠩ ᠰᠢᠯᠢᠳᠡᠭ᠂ ᠦᠷ᠎ᠡ ᠠᠰᠢᠭ ᠨᠢ ᠨᠡᠩ ᠰᠠᠶᠢᠨ

ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠬᠡᠪᠡ᠃ ᠤᠷᠠᠳ ᠤᠨ ᠬᠤᠶᠢᠲᠤ ᠬᠤᠰᠢᠭᠤᠨ ᠤ ᠣᠷᠣᠨ ᠪᠠᠶᠢᠷᠢ ᠥᠪᠡᠷᠮᠢᠴᠡ

ᠣᠨᠴᠠᠯᠢᠭ ᠲᠠᠢ᠂ ᠡᠬᠢ ᠪᠠᠶᠠᠯᠢᠭ ᠡᠯᠪᠡᠭ ᠳᠡᠯᠪᠡᠭ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ

ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠥᠷᠭᠡᠳᠬᠡᠨ᠂ ᠰᠢᠨ᠎ᠡ ᠲᠥᠷᠥᠯ ᠵᠦᠢᠯ ᠢ ᠢᠳᠡᠪᠬᠢᠲᠡᠢ ᠲᠥᠯᠥᠪᠯᠡᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ

ᠭᠥᠷᠳᠡᠬᠦ᠂ ᠬᠠᠮᠲᠤ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠪᠠ᠃

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ