ᠰᠢ ᠶᠢᠨ ᠫᠢᠩ ᠮᠠ ᠶᠢᠩ ᠵᠢᠦ ᠨᠠᠷ ᠲᠠᠢ ᠠᠭᠤᠯᠵᠠᠪᠠᠨᠡᠶᠢᠲᠡᠯᠡᠭᠰᠡᠨ ᠴᠠᠭ᠄2024/4/11ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10᠎ ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ ᠨᠠᠷ ᠲᠠᠢ ᠠᠭᠤᠯᠵᠠᠪᠠ᠃习近平会
ᠨᠡᠶᠢᠲᠡᠯᠡᠭᠰᠡᠨ ᠴᠠᠭ᠄
2024/4/12

      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10᠎ ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ ᠨᠠᠷ ᠲᠠᠢ ᠠᠭᠤᠯᠵᠠᠪᠠ᠃

00.1.jpg

      4 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ ᠮᠠ ᠶᠢᠩ ᠵᠢᠦ

ᠨᠠᠷ ᠲᠠᠢ ᠠᠭᠤᠯᠵᠠᠪᠠ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ᠃

      ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠨ᠎ᠠ᠃

ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶᠢᠵᠤ᠂ ᠥᠨᠢ ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ ᠪᠥᠭᠡᠳ

ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠬᠥᠪᠡᠭᠦᠳ ᠥᠬᠢᠳ ᠨᠢᠭᠡ ᠪᠦᠷᠢ ᠴᠥᠮ

ᠡᠭᠦᠨ ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠤᠷᠲᠤ ᠤᠳᠠᠭᠠᠨ

ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ ᠲᠠᠶᠢᠸᠠᠨ ᠢ ᠰᠡᠷᠭᠦᠭᠡᠨ

ᠮᠠᠨᠳᠤᠭᠤᠯᠤᠭᠰᠠᠨ ᠢ ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ ᠪᠣᠯᠣᠰᠢ ᠦᠭᠡᠢ

ᠲᠡᠦᠬᠡ ᠶᠢ ᠪᠢᠴᠢᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ

ᠬᠡᠷᠡᠭ ᠢ ᠰᠡᠶᠢᠯᠦᠭᠰᠡᠨ ᠶᠤᠮ᠃

      ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ ᠴᠤ ᠠᠯᠳᠠᠷᠠᠭᠠᠵᠤ ᠲᠠᠶᠢᠯᠭᠦ

ᠦᠭᠡᠢ ᠰᠡᠳᠬᠢᠯ ᠤᠨ ᠵᠠᠩᠭᠢᠷᠠᠭ᠎ᠠ ᠭᠡᠵᠦ ᠪᠠᠶᠢᠳᠠᠭ ᠦᠭᠡᠢ᠂ ᠶᠠᠮᠠᠷ ᠴᠤ ᠵᠥᠪᠳᠡᠯᠴᠡᠵᠦ ᠲᠠᠶᠢᠯᠭᠦ ᠦᠭᠡᠢ ᠠᠰᠠᠭᠤᠳᠠᠯ ᠭᠡᠵᠦ ᠪᠠᠶᠢᠳᠠᠭ ᠦᠭᠡᠢ᠂ ᠶᠠᠮᠠᠷ ᠴᠤ ᠬᠦᠴᠦᠨ

ᠭᠡᠳ ᠪᠢᠳᠡᠨ ᠢ ᠰᠠᠯᠭᠠᠵᠤ ᠳᠡᠶᠢᠯᠭᠦ ᠦᠭᠡᠢ ᠶᠤᠮ᠃ ᠳᠠᠯᠠᠢ ᠶᠢᠨ ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ

ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ ᠦᠭᠡᠢ ᠶᠤᠮ᠃ ᠪᠠᠶᠢᠭᠤᠯᠤᠯ ᠤᠨ ᠠᠳᠠᠯᠢ ᠪᠤᠰᠤ ᠨᠢ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠬᠢᠨ ᠴᠥᠮ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃

ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ ᠬᠤᠷᠢᠭᠯᠠᠵᠤ ᠴᠢᠳᠠᠬᠤ ᠦᠭᠡᠢ ᠶᠤᠮ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂ ᠰᠡᠳᠬᠢᠯ

ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃

      ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠵᠠᠯᠠᠭᠤᠴᠤᠳ ᠰᠠᠶᠢᠨ ᠪᠠᠶᠢᠪᠠᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ ᠰᠠᠶᠢᠨ ᠪᠠᠶᠢᠵᠤ ᠴᠢᠳᠠᠨ᠎ᠠ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂

ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠰᠢᠨ᠎ᠡ ᠭᠡᠷᠡᠯ

ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂ ᠬᠠᠮᠲᠤ ᠶᠢᠨ ᠰᠣᠶᠣᠯ᠂

ᠬᠠᠮᠲᠤ ᠶᠢᠨ ᠲᠡᠦᠬᠡ ᠲᠠᠢ ᠶᠤᠮ᠂ ᠨᠠᠩ ᠴᠢᠬᠤᠯᠠ ᠨᠢ ᠪᠢᠳᠡ ᠦᠨᠳᠦᠰᠦᠲᠡᠨ ᠳᠡᠭᠡᠨ ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ ᠬᠦᠰᠡᠯ

ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠳᠤ ᠶᠢᠨ

ᠬᠥᠭᠵᠢᠯᠲᠡ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃

      ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂

ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠪᠤᠯᠪᠠᠴᠤ

ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨ ᠤ ᠵᠠᠩᠭᠢᠯᠠᠭ᠎ᠠ ᠨᠢ ᠳᠤᠮᠳᠠᠳᠤ ᠶᠢᠨ ᠦᠨᠳᠦᠰᠦᠲᠡᠨ ᠳᠤ ᠢᠮᠠᠭᠲᠠ

ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂

ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ ᠵᠣᠷᠢᠭ ᠲᠠᠢ ᠪᠠᠶᠢᠳᠠᠭ ᠲᠤ ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ

ᠪᠣᠯ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ

ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂

ᠨᠠᠶᠢᠷᠠᠮᠳᠠᠯ ᠢᠶᠠᠷ ᠨᠢᠭᠡᠳᠬᠡᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ

ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ ᠡᠵᠡᠮᠰᠢᠭᠦᠯᠬᠦ ᠬᠡᠷᠡᠭᠲᠡᠢ᠃

      ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂ ᠭᠡᠷ ᠪᠦᠯᠢ ᠪᠠᠷ ᠢᠶᠠᠨ

ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ ᠡᠷᠬᠡᠪᠰᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ

ᠬᠤᠶᠠᠷ ᠣᠨ ᠤ ᠬᠠᠮᠲᠤ ᠶᠢᠨ ᠲᠠᠨᠢᠯᠲᠠ︾᠎ ᠶᠢ ᠪᠠᠷᠢᠮᠲᠠᠯᠠᠬᠤ ᠳᠤ ᠪᠤᠢ᠂ ᠭᠤᠣᠯᠳᠠᠯᠭ᠎ᠠ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠪᠣᠯ ᠨᠢᠭᠡ

ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ ᠬᠠᠮᠲᠤ ᠶᠢᠨ ᠲᠠᠨᠢᠯᠲᠠ ᠲᠠᠢ ᠪᠠᠶᠢᠬᠤ ᠳᠤ ᠪᠤᠢ᠃ ᠤᠯᠤᠰ ᠣᠷᠣᠨ ᠢ

ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠳᠤᠮᠳᠠᠳᠤ ᠤᠯᠤᠰ ᠤᠨ ᠬᠥᠮᠥᠨ᠂ ᠨᠢᠭᠡ ᠭᠡᠷ ᠤᠨ ᠬᠥᠮᠥᠨ

ᠮᠥᠨ ᠭᠡᠳᠡᠭ ᠢ ᠮᠡᠳᠡᠷᠡᠳᠡᠭ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ ᠬᠥᠮᠥᠰ ᠤᠨ

ᠤᠴᠢᠷ ᠢᠶᠠᠨ ᠤᠷᠢᠳ ᠢᠶᠠᠷ ᠬᠠᠷᠢᠯᠴᠠᠵᠤ ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠵᠥᠷᠢᠴᠡᠯ ᠢ

ᠠᠷᠢᠯᠭᠠᠵᠤ᠂ ᠬᠠᠮᠲᠤ ᠶᠢᠨ ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃

      ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ ᠴᠣᠭᠴᠠᠯᠠᠬᠤ ᠬᠡᠷᠡᠭᠲᠡᠢ᠃ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ

ᠴᠣᠭᠴᠠᠯᠠᠬᠤ ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ

ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ

ᠨᠡᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ

ᠲᠡᠷᠭᠡᠯᠰᠢᠭᠦᠯᠬᠦ ᠶᠠᠪᠤᠳᠠᠯ ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ ᠭᠠᠷᠤᠢ ᠠᠬ᠎ᠠ ᠳᠡᠭᠦᠦ ᠨᠠᠷ ᠢᠶᠠᠨ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ

ᠡᠳ᠋ᠯᠡᠬᠦ ᠴᠢᠳᠠᠪᠤᠷᠢ ᠲᠠᠢ ᠪᠥᠭᠡᠳ ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ ᠴᠢᠳᠠᠪᠤᠷᠢ ᠲᠠᠢ

ᠶᠤᠮ᠃

      ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ ᠠᠬ᠎ᠠ ᠳᠡᠭᠦᠦ ᠨᠠᠷ ᠲᠠᠢ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ᠂ ᠡᠬᠡ ᠤᠯᠤᠰ ᠤᠨ ᠡᠬᠡ ᠬᠠᠭᠤᠷᠠᠢ ᠶᠢᠨ ᠬᠥᠭᠵᠢᠯᠲᠡ

ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ ᠠᠬ᠎ᠠ ᠳᠡᠭᠦᠦ ᠨᠠᠷ ᠲᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ

ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠠᠶᠢᠸᠠᠨ ᠤ ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ ᠵᠢᠷᠭᠠᠯ ᠢ ᠨᠡᠩ ᠪᠣᠳᠠᠲᠠᠢ᠂

ᠢᠷᠡᠭᠡᠳᠦᠢ ᠶᠢ ᠨᠡᠩ ᠰᠠᠶᠢᠨ ᠰᠠᠶᠢᠬᠠᠨ ᠪᠣᠯᠭᠠᠨ᠎ᠠ᠃

      ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠶᠢᠨ

ᠦᠨᠳᠦᠰᠦᠲᠡᠨ ᠤᠷᠲᠤ ᠤᠳᠠᠭᠠᠨ ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ

ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂

ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠶᠡᠷᠦ ᠠᠴᠠ

ᠨᠢᠭᠡ ᠭᠡᠷ ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶᠢᠷ᠎ᠠ ᠳᠣᠲᠣᠨᠣ ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ

ᠠᠪᠴᠤ ᠪᠠᠶᠢᠭᠠᠳ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ ᠰᠡᠳᠬᠢᠯ ᠢᠶᠠᠨ ᠰᠣᠯᠢᠯᠴᠠᠬᠤ᠂ ᠶᠠᠪᠤᠯᠴᠠᠭᠠᠨ ᠤ ᠳᠤᠮᠳᠠ ᠢᠲᠡᠭᠡᠯ ᠢᠶᠠᠨ

ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ ᠢᠯᠡᠭᠦᠬᠡᠨ

ᠢᠷᠡᠵᠦ ᠠᠶᠢᠯᠴᠢᠯᠠᠬᠤ ᠶᠢ ᠬᠠᠯᠠᠭᠤᠨ ᠢᠶᠠᠷ ᠤᠷᠢᠵᠤ ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ

ᠣᠴᠢᠵᠤ ᠦᠵᠡᠬᠦ ᠶᠢ ᠬᠦᠰᠡᠵᠦ ᠪᠠᠶᠢᠨ᠎ᠠ᠃

      ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠤᠳᠠᠰᠤ ᠮᠥᠨ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ

ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂ ᠤᠯᠠᠮᠵᠢᠯᠠᠨ ᠵᠠᠯᠭᠠᠮᠵᠢᠯᠠᠭᠴᠢ᠂

ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ ᠰᠡᠳᠬᠢᠯᠭᠡ᠂ ᠢᠷᠠᠭᠤ ᠠᠯᠳᠠᠷᠲᠤ

ᠰᠡᠳᠬᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃

      ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠭᠤᠨ ᠵᠢᠯ ᠤᠨ ᠲᠡᠮᠡᠴᠡᠯ ᠢᠶᠠᠷ

ᠳᠠᠮᠵᠢᠭᠠᠳ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ

ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ ᠲᠥᠰᠥᠪ ᠢ

ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ ᠬᠤᠯᠠ ᠳᠠᠪᠠᠭᠰᠠᠨ ᠮᠠᠰᠢ ᠤᠯᠠᠨ ᠠᠮᠵᠢᠯᠲᠠ

ᠪᠦᠲᠦᠮᠵᠢ ᠶᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ ᠤᠷᠤᠭᠰᠢᠯᠠᠬᠤ ᠳᠤ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ ᠬᠥᠯᠥᠰᠦ ᠰᠢᠩᠭᠡᠵᠦ ᠪᠠᠶᠢᠭ᠎ᠠ ᠪᠣᠯᠬᠤᠷ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ ᠳᠤ ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ

ᠲᠠᠶᠢᠸᠠᠨ ᠤ ᠵᠠᠯᠠᠭᠤᠴᠤᠳ ᠤᠨ ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ ᠴᠣᠭᠴᠠᠯᠠᠬᠤ᠂ ᠬᠦᠰᠡᠯ

ᠵᠡᠭᠦᠳᠦ ᠪᠠᠨ ᠲᠡᠷᠭᠡᠯᠰᠢᠭᠦᠯᠬᠦ ᠶᠢ ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠦᠰᠦᠨ ᠪᠣᠶᠢᠵᠢᠬᠤ᠂ ᠴᠢᠳᠠᠪᠤᠷᠢᠲᠠᠨ

ᠪᠤᠯᠬᠤ᠂ ᠠᠮᠵᠢᠯᠲᠠ ᠣᠯᠬᠤ ᠳᠤ ᠨᠡᠩ ᠰᠠᠶᠢᠨ ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ᠂

ᠲᠡᠦᠬᠡ ᠶᠢᠨ ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ

ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ 4 ᠰᠠᠷ᠎ᠠ ᠶᠢᠨ 3᠎ ᠤ ᠡᠳᠦᠷ᠂ ᠬᠤᠸᠠ ᠯᠢᠶᠠᠨ ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ ᠬᠥᠳᠡᠯᠦᠯᠲᠡ ᠡᠭᠦᠰᠴᠦ᠂

ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ

ᠪᠥᠭᠡᠳ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃

      ᠮᠠ ᠶᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠎ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠡᠰᠡᠷᠭᠦᠴᠡᠬᠦ

ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ ᠲᠥᠷᠥ ᠶᠢᠨ ᠰᠠᠭᠤᠷᠢ ᠮᠥᠨ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ

ᠬᠤᠶᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠢᠶᠠᠨ

ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃

      ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ ᠲᠥᠯᠥᠭᠡᠯᠡᠭᠴᠢ ᠦᠭᠡ ᠬᠡᠯᠡᠪᠡ᠃

      ᠸᠠᠩ ᠬᠤ᠋ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ