ᠡᠷᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/16

      4 ᠰᠠᠷ᠎ᠠ ᠶᠢᠨ 14᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠡᠷᠬᠢᠨ ᠪᠠᠶᠠᠨᠪᠤᠯᠠᠭ ᠪᠠᠯᠭᠠᠰᠤᠨ ᠤ ᠲᠤᠸᠠᠨ

ᠵᠢᠶᠧ ᠲᠣᠰᠬᠤᠨ᠂ ᠳ᠋ᠦᠩ ᠱᠧᠩ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠠᠵᠢᠯ ᠪᠠ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃

      ᠪᠦᠯᠬᠦᠮᠳᠡᠯ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠡᠷᠬᠢᠨ ᠪᠠᠯᠭᠠᠰᠤ ᠲᠣᠰᠬᠤᠨ ᠤ ᠺᠠᠳ᠋ᠷ᠂

ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠢᠶᠠᠨ ᠭᠠᠵᠠᠷ ᠂ ᠬᠥᠷᠥᠰᠥ ᠰᠢᠷᠣᠢ ᠶᠢ ᠰᠠᠶᠢᠵᠢᠷᠠᠭᠤᠯᠬᠤ᠂  ᠤᠰᠤ

ᠵᠠᠯᠠᠵᠤ ᠤᠰᠤ ᠠᠷᠪᠢᠯᠠᠬᠤ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠰᠬᠤᠨ ᠤ ᠺᠠᠳ᠋ᠷ ᠲᠠᠢ

ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠬᠠᠮᠢᠶ᠎ᠠ ᠪᠦᠬᠦᠢ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠲᠡᠷᠡ ᠵᠢᠭᠠᠵᠤ

ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ

ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃

ᠰᠤᠮᠤ ᠪᠠᠯᠭᠠᠰᠤ ᠪᠣᠯᠣᠨ ᠲᠠᠷᠢᠶᠠᠯᠠᠩ ᠤᠨ ᠰᠢᠨᠵᠢᠯᠡᠬᠦ ᠤᠬᠠᠭᠠᠨ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ

ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠨᠢᠮᠪᠠᠢ ᠭᠦᠢᠴᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠵᠤ ᠲᠥᠯᠥᠪᠯᠡᠬᠦ᠂ ᠪᠠᠷᠢᠯᠭ᠎ᠠ

ᠪᠠᠷᠢᠬᠤ᠂ ᠪᠠᠶᠢᠴᠠᠭᠠᠬᠤ᠂ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠴᠢᠨᠠᠷ ᠰᠠᠶᠢᠲᠠᠢ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠶᠢᠨ ᠬᠠᠮᠲᠤ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠬᠠᠮᠢᠶᠠᠷᠤᠨ

ᠬᠠᠮᠠᠭᠠᠯᠠᠬᠤ ᠲᠥᠰᠥᠯ ᠪᠣᠯᠣᠨ ᠠᠵᠢᠯᠯᠠᠭᠠᠨ ᠤ ᠲᠣᠭᠲᠠᠴᠠ ᠶᠢ ᠤᠷᠢᠳᠴᠢᠯᠠᠨ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ

ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ᠦᠷ᠎ᠡ ᠠᠰᠢᠭ ᠢ ᠨᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠠᠳᠤᠨ ᠭᠤᠣᠯ ᠤᠨ ᠤᠰᠤ ᠶᠢ ᠵᠠᠯᠠᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ

ᠨᠢᠭᠡ ᠴᠣᠭᠴᠠᠵᠢᠭᠤᠯᠬᠤ ᠵᠡᠷᠭᠡ ᠤᠰᠤ ᠠᠷᠪᠢᠯᠠᠵᠤ ᠤᠰᠤᠯᠠᠯᠳᠠ ᠶᠢ ᠬᠢᠵᠠᠭᠠᠷᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ 

ᠤᠰᠤᠯᠠᠯᠳᠠ ᠶᠢ ᠬᠢᠵᠠᠭᠠᠷᠯᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ  ᠬᠠᠩᠭᠠᠬᠤ ᠬᠡᠷᠡᠭᠲᠡᠢ ᠬᠡᠪᠠ᠃

      ᠳ᠋ᠦᠩ ᠱᠧᠩ ᠲᠣᠰᠬᠤᠨ ᠤ ᠥᠨᠳᠥᠷ ᠪᠦᠲᠦᠮᠵᠢᠲᠡᠢ ᠤᠰᠤ ᠠᠷᠪᠢᠯᠠᠬᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ ᠲᠤ᠂ ᠡᠷᠬᠢᠨ ᠨᠠᠭᠤᠷ

ᠴᠦᠬᠦᠷᠤᠮ ᠤᠨ ᠴᠡᠪᠡᠷᠰᠢᠬᠦᠯᠤᠯᠳᠠ᠂ ᠦᠶᠡᠷ ᠤᠨ ᠬᠠᠰᠢᠯᠭ᠎ᠠ ᠵᠢᠴᠢ ᠣᠶᠤᠨᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠬᠥᠭᠡᠷᠭᠡ ᠶᠢᠨ ᠦᠷᠳᠡᠭᠡ ᠶᠢᠨ

ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠵᠢᠱᠢᠭᠰᠡᠨ ᠦᠷ᠎ᠡ ᠪᠦᠲᠦᠮᠵᠢ᠂ ᠳᠤᠰᠤᠯᠭᠠᠨ ᠤᠰᠤᠯᠠᠬᠤ ᠶᠢ ᠠᠦ᠋ᠲ᠋ᠣᠴᠢᠯᠠᠨ ᠠᠵᠢᠯᠯᠠᠭᠤᠯᠬᠤ ᠵᠡᠷᠭᠡ ᠶᠢ ᠨᠠᠷᠢᠨ

ᠣᠶᠢᠯᠠᠭᠠᠪᠠ᠃ ᠳᠤᠰ ᠢᠨᠵᠧᠨᠧᠷᠢᠩ ᠨᠢ ᠮᠠᠨ ᠤ ᠬᠤᠰᠢᠭᠤᠨ ᠤ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠬᠤ ᠬᠤᠭᠤᠯᠠᠢ ᠶᠢᠨ ᠲᠤᠷᠰᠢᠯᠲᠠ ᠶᠢᠨ

ᠴᠢᠭ᠋ ᠤᠨ ᠳᠦᠷᠦᠯ ᠵᠦᠢᠯ  ᠪᠤᠯᠬᠤ ᠶᠤᠮ᠂  ᠡᠨᠠ ᠨᠢ ᠤᠲᠤ ᠪᠠᠶᠢᠭ᠎ᠠ ᠤᠰᠤᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠰᠤ ᠠᠷᠪᠢᠯᠠᠬᠤ᠂ ᠪᠣᠷᠳᠣᠭᠤᠷ

ᠠᠷᠪᠢᠯᠠᠬᠤ᠂ ᠬᠥᠮᠥᠨ ᠤ ᠬᠦᠴᠦ ᠶᠢ ᠠᠷᠪᠢᠯᠠᠬᠤ ᠶᠢᠨ ᠬᠠᠮᠲᠤ ᠭᠠᠷᠤᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ

ᠬᠠᠷᠠᠯᠲᠠ ᠳᠤ ᠬᠦᠷᠴᠦ᠂ ᠪᠦᠭᠦ ᠬᠤᠰᠢᠭᠤᠨ ᠤ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢ ᠠᠬᠢᠭᠤᠯᠬᠤ ᠳᠤ ᠵᠢᠱᠢᠶ᠎ᠡ ᠦᠵᠡᠭᠦᠯᠦᠨ᠂

ᠲᠠᠶᠢᠴᠢᠯᠠᠨ ᠲᠠᠭᠠᠭᠤᠯᠬᠤ ᠦᠢᠯᠡᠳᠦᠯ ᠦᠵᠡᠭᠦᠯᠬᠦ ᠶᠤᠮ ᠬᠡᠪᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ