ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ ᠬᠤᠯᠪᠣᠭᠳᠠᠯ ᠪᠦᠬᠦᠢ ᠠᠵᠢᠯ᠂ | ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠬᠦ ᠬᠡᠯᠬᠢᠶ᠎ᠡ ᠪᠠᠷ ᠴᠡᠭᠴᠡᠯᠡᠨ | ᠵᠠᠰᠠᠬᠤ ᠠᠵᠢᠯ ᠥᠷᠨᠢᠭᠦᠯᠬᠦ ᠶᠢ ᠪᠠᠶᠢᠷᠢᠯᠠᠭᠤᠯᠪᠠ᠃ | ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ | ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠬᠤᠯᠠ | ᠶᠡᠭᠡ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ | ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠪᠠᠷ ᠬᠦᠴᠦᠯᠡᠵᠦ᠂ ᠨᠡᠩ ᠪᠣᠳᠠᠲᠠᠢ ᠶᠢ | ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠤᠮᠳᠠ ᠬᠡᠰᠡᠭ ᠤᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠡᠮᠵᠢᠵᠤ᠂ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠳᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠨᠢ ᠬᠤᠳᠠᠯᠳᠤᠭᠠᠨ ᠤ ᠣᠷᠴᠢᠨ | ᠨᠥᠬᠦᠴᠡᠯ ᠤᠨ ᠰᠠᠶᠢᠵᠢᠷᠠᠯᠲᠠ ᠲᠠᠢ ᠬᠤᠯᠪᠣᠭᠳᠠᠵᠤ᠂ ᠠᠵᠤ ᠠᠬᠤᠢ ᠶᠢᠨ ᠰᠠᠶᠢᠵᠢᠷᠠᠯᠲᠠ ᠶᠢᠨ ᠶᠡᠭᠡ ᠲᠠᠯ᠎ᠠ ᠲᠠᠢ ᠬᠤᠯᠪᠣᠭᠳᠠᠵᠤ᠂ ᠵᠠᠰᠠᠭ ᠤᠨ ᠣᠷᠳᠣᠨ ᠤ ᠳᠦᠷᠢ | ᠲᠥᠷᠬᠦ ᠪᠠ ᠨᠡᠶᠢᠲᠡ ᠳᠤ ᠢᠲᠡᠭᠡᠭᠦᠯᠬᠦ ᠬᠦᠴᠦᠨ ᠲᠠᠢ ᠬᠤᠯᠪᠣᠭᠳᠠᠨ᠎ᠠ᠃ ᠥᠷᠢ ᠰᠢᠷᠢ ᠶᠢ ᠠᠷᠢᠯᠭᠠᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ | ᠣᠳᠣᠬᠠᠨ ᠤ ᠥᠷᠢ ᠰᠢᠷᠢ ᠶᠢ ᠠᠷᠢᠯᠭᠠᠬᠤ ᠬᠡᠷᠡᠭᠲᠡᠢ ᠮᠥᠷᠲᠡᠭᠡᠨ ᠪᠠᠰᠠ ᠬᠦᠴᠦ ᠣᠷᠣᠭᠤᠯᠵᠤ ᠪᠠᠶᠢᠭᠠᠳ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠵᠦ᠂ ︽ᠴᠡᠪᠡᠷᠯᠡᠬᠦ ᠶᠢᠨ ᠳᠠᠭᠠᠤ ᠥᠷᠢᠲᠦᠬᠦ︾᠂ ︽ᠴᠡᠪᠡᠷᠯᠡᠭᠰᠡᠨ ᠴᠦ ᠳᠠᠬᠢᠭᠠᠳ ᠥᠷᠢᠲᠦᠬᠦ︾ ᠶᠢ ᠡᠷᠡᠰ ᠬᠤᠷᠢᠭᠯᠠᠬᠤ ᠬᠡᠷᠡᠭᠲᠡᠢ᠃ ᠵᠠᠰᠠᠭ ᠤᠨ | ᠣᠷᠳᠣᠨ ᠤ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠ ᠲᠣᠮᠣ ᠬᠡᠯᠪᠡᠷᠢ ᠶᠢᠨ ᠠᠵᠤ ᠠᠬᠤᠶᠢᠯᠠᠯ ᠨᠢ ᠳᠤᠮᠳᠠ ᠵᠢᠵᠢᠭ ᠠᠵᠤ | ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠢ ᠲᠠᠢ ᠭᠤᠣᠯ ᠴᠣᠭᠴᠠ ᠶᠢᠨ ᠲᠣᠭᠲᠠᠭᠠᠯ ᠠᠴᠠ | ᠵᠥᠷᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠪᠴᠠᠭ᠎ᠠ ᠲᠠᠢ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ | ᠪᠠᠭᠤᠷᠠᠭᠤᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ ᠤᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ᠂ ᠬᠤᠳᠠᠯᠳᠤᠭᠠᠨ ᠤ | ᠭᠤᠪᠢᠭᠤᠯᠭ᠎ᠠ ᠶᠢᠨ ᠬᠠᠭᠤᠳᠠᠰᠤ ᠶᠢ ᠬᠠᠮᠢᠶᠠᠷᠬᠤ ᠵᠡᠷᠭᠡ ᠳᠦᠷᠢᠮ ᠲᠣᠭᠲᠠᠭᠠᠯ ᠢ ᠱᠠᠯᠠᠪᠳᠠᠨ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠠᠯᠢ ᠲᠦᠷᠭᠡᠨ ᠢᠶᠠᠷ ᠰᠠᠭᠠᠳ ᠦᠭᠡᠢ ᠠᠵᠢᠯᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ ︽2024 — 2025 ᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯᠯᠠᠭ᠎ᠠ ᠶᠢᠨ | ᠲᠥᠰᠥᠯ︾ ᠪᠠ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯ ᠤᠨ ᠲᠥᠰᠥᠯ︾ | ᠢ ᠬᠢᠨᠠᠨ ᠵᠥᠪᠯᠡᠵᠦ ᠪᠠᠲᠤᠯᠠᠪᠠ᠃ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠲᠡᠭᠦᠨ ᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠯᠦᠭᠡ ᠤᠶᠠᠯᠳᠤᠭᠤᠯᠵᠤ᠂ ᠳᠥᠭᠦᠮ | ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠷᠡᠭᠯᠡᠭᠡᠨ ᠤ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ | ᠠᠰᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠤᠨ ᠪᠠᠶᠢᠳᠠᠯ ᠤᠨ ᠪᠣᠳᠠᠲᠠᠢ ᠳᠤ ᠰᠠᠭᠤᠷᠢᠯᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ | ᠥᠭᠡᠷᠡᠴᠢᠯᠡᠬᠦ ᠶᠢ ᠪᠠᠷᠢᠮᠲᠠᠯᠠᠵᠤ᠂ ᠠᠵᠢᠯ ᠤᠨ ᠡᠷᠴᠢᠮ ᠬᠢᠭᠡᠳ ᠠᠶᠢᠵᠠᠮ ᠢ ᠯᠠᠪᠳᠠᠭᠤᠨ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ | ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠠᠴᠠ ᠨᠠᠭᠠᠰᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠠᠴᠠ ᠪᠣᠯᠤᠭᠰᠠᠨ ᠭᠠᠯ ᠤᠨ | ᠠᠶᠤᠯ ᠤᠨ ᠠᠳᠡᠯ ᠲᠦᠷᠭᠡᠨ ᠢᠶᠠᠷ ᠨᠡᠮᠡᠭᠳᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ ᠪᠠᠶᠢᠭ᠎ᠠ | ᠪᠣᠯᠬᠤᠷ ᠡᠷᠬᠡᠪᠰᠢ ᠵᠣᠷᠢᠭ ᠰᠢᠭᠤᠳᠤᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠢᠭᠲᠠ ᠬᠠᠮᠵᠢᠯᠴᠠᠨ᠂ ᠦᠯᠡᠳᠡᠭᠡᠯ ᠲᠦᠭᠰᠢᠭᠦᠷᠢ ᠶᠢ ᠲᠦᠷᠭᠡᠳᠬᠡᠨ ᠠᠷᠢᠯᠭᠠᠵᠤ᠂ ᠨᠡᠮᠡᠭᠳᠡᠯ ᠲᠦᠭᠰᠢᠭᠦᠷᠢ ᠶᠢ ᠦᠨᠡᠨ ᠬᠦ ᠬᠤᠷᠢᠭᠯᠠᠬᠤ ᠬᠡᠷᠡᠭᠲᠡᠢ᠃ | ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭᠠᠬᠤ᠂ ᠴᠡᠨᠡᠭᠯᠡᠬᠦ᠂ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ | ᠵᠡᠷᠭᠡ ᠡᠯ᠎ᠡ ᠭᠤᠭᠴᠣᠭᠠᠨ ᠤ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠬᠤᠷᠢᠭᠯᠠᠬᠤ ᠶᠢ | ᠤᠶᠠᠯᠳᠤᠭᠤᠯᠬᠤ ᠶᠢ ᠴᠢᠬᠤᠯᠠᠴᠢᠯᠠᠵᠤ᠂ ᠢᠵᠢ ᠲᠥᠬᠦᠷ ᠦᠢᠯᠡᠴᠢᠯᠡᠭᠡ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠴᠠᠬᠢᠯᠭᠠᠨ ᠴᠡᠨᠡᠭᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠡᠯᠬᠢᠶ᠎ᠡ ᠴᠡᠨᠡᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ ᠶᠡᠭᠡ ᠪᠠᠷ ᠠᠬᠢᠭᠤᠯᠵᠤ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ | ᠭᠡᠵᠡᠢ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃ | | |