ᠤᠷᠠᠳ ᠤᠨ ᠬᠤᠶᠢᠳᠤ ᠬᠤᠰᠢᠭᠤᠨ ᠤ  ᠬᠢᠨᠠᠨ ᠪᠤᠳᠤᠬᠤ ᠲᠤᠪᠴᠢᠶ᠎ᠠ ᠬᠢᠨᠠᠨ ᠪᠣᠳᠣᠯᠲᠠ ᠶᠢᠨ ︽ᠬᠤᠷᠴᠠ ᠵᠡᠪᠰᠡᠭ︾ ᠤᠨ ᠦᠢᠯᠡᠳᠦᠯ ᠢ ᠪᠠᠳᠠᠷᠠᠭᠤᠯᠵᠤ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/2

        ᠦᠢᠷ᠎ᠠ ᠳᠤ᠂  ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠬᠤᠰᠢᠭᠤᠨ ᠤ ᠪᠠᠨ ᠭᠤᠤᠯᠳᠠᠯᠭ᠎ᠠ ᠲᠠᠢ ᠠᠵᠤ ᠠᠬᠤᠶᠢᠯᠠᠯ ᠳᠤ

ᠬᠦᠨᠵᠡᠬᠡᠶᠢᠷᠠᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠬᠢᠵᠤ᠂ ᠬᠢᠨᠠᠨ ᠪᠣᠳᠣᠯᠲᠠ ᠶᠢᠨ ︽ᠬᠤᠷᠴᠠ ᠵᠡᠪᠰᠡᠭ︾ ᠤᠨ ᠦᠢᠯᠡᠳᠦᠯ ᠢ

ᠪᠠᠳᠠᠷᠠᠭᠤᠯᠤᠨ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ  ᠳᠤ ᠬᠦᠴᠤᠨ ᠨᠡᠮᠡᠷᠢᠯᠠᠵᠤ ᠪᠠᠶᠢᠨ᠎ᠠ᠃

      ᠨᠢᠭᠡ ᠳᠤ᠂ ᠡᠳ᠋ ᠬᠥᠷᠥᠩᠭᠡ ᠂ ᠲᠠᠩᠰᠠ ᠬᠠᠷ᠎ᠠ ᠂ ᠠᠰᠢᠭ  ᠤᠯᠵᠡᠪᠤᠷᠢ  ᠵᠡᠷᠬᠡ ᠲᠠᠯ᠎ᠠ  ᠠᠴᠠ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ

ᠡᠵᠡᠩᠨᠡᠯᠲᠡ ᠶᠢᠨ ᠠᠶᠤᠯ ᠲᠦᠭᠰᠢᠭᠦᠷᠢ ᠶᠢ ᠢᠯᠡᠷᠡᠭᠦᠯᠦᠨ᠂ ᠬᠡᠷᠡᠭ ᠵᠥᠪᠯᠡᠬᠦ ᠠᠷᠭ᠎ᠠ ᠪᠣᠳᠣᠯᠭ᠎ᠠ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ

ᠰᠢᠪᠠᠳᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢ  ᠬᠠᠮᠠᠭᠠᠯᠠᠵᠤ ᠪᠠᠶᠢᠨ᠎ᠠ᠃

      ᠬᠤᠶᠠᠷ ᠲᠤ᠂ ᠦᠷᠢ ᠰᠢᠷᠢ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠠᠵᠤ ᠠᠬᠤᠶᠢᠯᠠᠯ ᠳᠤ ᠬᠤᠯᠪᠣᠭᠳᠠᠬᠤ ᠪᠠᠲᠤᠯᠠᠭ᠎ᠠ ᠶᠢᠨ ᠮᠥᠩᠭᠦ᠂

ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠠᠮᠢᠶ᠎ᠠ ᠪᠦᠬᠦᠢ

ᠠᠰᠠᠭᠤᠳᠠᠯ ᠢ ᠢᠯᠡᠷᠡᠭᠦᠯᠵᠦ᠂ ᠬᠢᠨᠠᠨ ᠪᠤᠳᠤᠬᠤ ᠪᠠᠶᠢᠭᠤᠯᠭ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤᠮᠳᠠᠬᠢ

ᠬᠢᠨᠠᠯᠲᠠ ᠲᠠᠯᠪᠢᠵᠤ ᠪᠠᠲᠤᠯᠠᠭ᠎ᠠ ᠳᠤ ᠨᠡᠶᠢᠴᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠪᠠ᠃

      ᠭᠤᠷᠪᠠ ᠳᠤ᠂ ᠡᠳ᠋ ᠤᠨ ᠵᠠᠰᠠᠭ ᠤᠨ ᠠᠵᠤ ᠠᠬᠤᠶᠢᠯᠠᠯ ᠢ ᠳᠡᠮᠵᠢᠬᠦ  ᠱᠠᠩᠨᠠᠯ ᠨᠦᠬᠦᠪᠤᠷᠢ ᠶᠢᠨ ᠮᠥᠩᠭᠦ ᠶᠢ ᠭᠤᠣᠯᠳᠠᠯᠭ᠎ᠠ ᠲᠠᠢ  ᠬᠢᠨᠡᠵᠤ᠂ ᠱᠠᠭᠠᠷᠳᠠᠯᠭ᠎ᠠ

ᠶᠣᠰᠣᠭᠠᠷ ᠴᠠᠭ ᠲᠤᠬᠠᠢ ᠳᠤᠨᠢ ᠬᠤᠪᠢᠶᠠᠷᠢᠯᠠᠵᠤ᠂ ᠠᠵᠤ ᠠᠬᠤᠶᠢᠯᠠᠯ ᠳᠤ ᠲᠦᠷᠭᠡᠨ ᠰᠢᠯᠵᠢᠭᠦᠯᠦᠨ ᠥᠭᠴᠦ᠂ ᠠᠵᠤ ᠠᠬᠤᠶᠢᠯᠠᠯ ᠤᠨ ᠬᠥᠭᠵᠢᠯᠲᠡ ᠶᠢ ᠬᠥᠲᠥᠯᠥᠨ

ᠵᠢᠯᠤᠭᠤᠳᠬᠤ᠂ ᠤᠷᠮᠠᠰᠢᠭᠤᠯᠬᠤ᠂ ᠳᠡᠮᠵᠢᠬᠦ ᠦᠷ᠎ᠡ ᠪᠦᠲᠦᠮᠵᠢ ᠶᠢ ᠪᠠᠳᠠᠷᠠᠭᠤᠯᠵᠤ᠂ ︽ᠬᠦᠷᠲᠡᠮᠵᠢ ᠶᠢᠨ ᠲᠥᠷᠥᠭᠳᠡᠯ︾ ︽ᠵᠣᠯ ᠵᠢᠷᠭᠠᠯᠲᠤ ᠲᠥᠷᠥᠭᠳᠡᠯ︾  ᠢ

ᠦᠨᠡᠨᠬᠦ  ᠲᠡᠬᠡᠭᠰᠢᠯᠠᠬᠦᠯᠵᠤ ᠪᠠᠶᠢᠨ᠎ᠠ᠃

                     

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠤᠪᠴᠢᠶ᠎ᠠ