ᠤᠷᠠᠳ ᠤᠨ ᠬᠤᠶᠢᠳᠤ  ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠨᠠᠮ ᠤᠨ ᠬᠢᠴᠢᠶᠡᠯ ᠣᠷᠣᠵᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ  ᠢᠶᠠᠨ ᠪᠠᠳᠤᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/4/2

      ᠦᠢᠷ᠎ᠠ ᠳᠤ᠂ ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠥᠬᠦ ᠺᠠᠳ᠋ᠷ ᠠᠵᠢᠯᠳᠠᠨ

 ᠢᠶᠠᠨ ᠵᠤᠬᠢᠶᠠᠨ ᠪᠠᠶᠢᠭᠤᠯᠵᠤ ︽ᠨᠠᠮ ᠤᠨ ᠰᠤᠷᠲᠠᠯ  ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ  ᠴᠢᠩᠭᠠᠳᠬᠠᠬᠤ ᠲᠤᠬᠠᠢ︾  ᠨᠠᠮ ᠤᠨ ᠬᠢᠴᠢᠶᠡᠯ

ᠤᠷᠤᠬᠰᠠᠨ ᠪᠠᠶᠢᠨ᠎ᠠ᠃

      ᠬᠢᠴᠢᠶᠡᠯ ᠳᠡᠭᠡᠷ᠎ᠡ᠂  ᠬᠢᠯᠪᠠᠷ ᠣᠶᠢᠯᠠᠭᠠᠮᠵᠢᠲᠠᠢ᠂ ᠨᠡᠶᠢᠲᠡᠯᠢᠭ ᠰᠢᠨ᠎ᠡ ᠰᠣᠷᠭᠤᠭ ᠬᠡᠷᠡᠭ ᠤᠨ ᠵᠢᠱᠢᠶ᠎ᠡ᠂ ᠳᠡᠷᠭᠡᠳᠡᠬᠢ ᠬᠡᠷᠡᠭ ᠶᠠᠪᠤᠳᠠᠯ ᠪᠠᠷ ᠪᠥᠬᠦ ᠬᠢᠨᠠᠨ

ᠪᠤᠳᠤᠬᠤ ᠺᠠᠳ᠋ᠷᠴᠤᠳ ᠲᠤ ᠦᠵᠡᠯ ᠰᠠᠨᠠᠭᠠᠨ ᠤ ᠲᠠᠯ᠎ᠠ ᠪᠠᠷ  ᠬᠢ ᠰᠡᠷᠡᠮᠵᠢᠯᠡᠭᠦᠯᠦᠯ ᠦᠭᠴᠤ᠂  ᠠᠵᠢᠯ ᠠᠮᠢᠳᠤᠷᠠᠯ ᠳᠤ ᠨᠢ  ᠬᠦᠨ ᠤᠬᠠᠭᠠᠨᠴᠢ ᠬᠥᠮᠦᠵᠢᠯ

ᠬᠦᠷᠲᠡᠭᠡᠭᠰᠡᠨ ᠪᠠᠶᠢᠨ᠎ᠠ᠃

        ᠡᠬᠦᠨ ᠳᠤ  ᠨᠠᠮ ᠤᠨ ᠳᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠡᠯ᠎ᠡ ᠵᠦᠢᠯ ᠤᠨ ᠬᠠᠤᠯᠢ ᠳᠦᠷᠢᠮ ᠢ ᠤᠬᠠᠮᠰᠠᠷ ᠠᠴᠠ ᠪᠠᠨ ᠵᠢᠷᠤᠮᠯᠠᠨ

ᠰᠠᠬᠢᠬᠤ᠂ ᠪᠡᠶ᠎ᠡ ᠪᠠᠨ ᠴᠢᠩᠭ᠎ᠠ ᠵᠠᠰᠠᠬᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠬᠦ᠂ ᠦᠵᠡᠯ ᠰᠠᠨᠠᠭᠠᠨ ᠤ ᠲᠠᠯ᠎ᠠ ᠪᠠᠷ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾

 ᠢ ᠪᠠᠲᠤ ᠴᠣᠭᠴᠠᠯᠠᠬᠤ  ᠲᠤᠭᠤᠷᠢᠨ ᠳᠤ ᠶᠠᠪᠤᠬᠳᠠᠭᠤᠯᠵᠤ᠂  ᠬᠢᠨᠠᠨ ᠪᠤᠳᠤᠬᠤ ᠺᠠᠳ᠋ᠷᠴᠤᠳ ᠬᠢᠨᠠᠨ ᠪᠤᠳᠤᠵᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ

ᠵᠥᠪ ᠢᠶᠠᠷ  ᠬᠡᠷᠡᠭᠵᠢᠬᠦᠯᠵᠤ᠂ ᠲᠤᠬᠠᠶᠢᠯᠠᠭᠰᠠᠨ ᠠᠵᠢᠯ ᠤᠨ ᠴᠢᠳᠡᠪᠤᠷᠢ ᠪᠣᠯᠣᠨ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠬᠢᠨᠠᠨ ᠪᠤᠳᠤᠬᠤ ᠬᠢᠨᠠᠯᠲᠠ

ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢ ᠴᠢᠬᠤᠯᠠᠴᠢᠯᠠᠪᠠ᠃ ᠨᠦᠭᠦᠭᠡ ᠲᠠᠯ᠎ᠠ ᠪᠠᠷ ᠠᠰᠠᠭᠤᠳᠠᠯ ᠢ ᠢᠯᠡᠷᠡᠭᠦᠯᠬᠦ ᠠᠰᠠᠭᠤᠳᠠᠯ ᠢ

ᠲᠤᠰᠬᠠᠬᠤ ᠳᠠᠭᠠᠨ ᠴᠢᠳᠠᠮᠠᠭᠠᠢ ᠪᠠᠶᠢᠵᠤ᠂ ᠬᠢᠨᠠᠨ ᠪᠣᠳᠣᠯᠲᠠ ᠶᠢᠨ ᠬᠠᠷᠢᠭᠤ ᠰᠣᠷᠪᠤᠯᠵᠢᠯᠠᠭ᠎ᠠ ᠵᠡᠷᠭᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ

ᠪᠣᠳᠣᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ  ᠶᠢ ᠱᠠᠭᠠᠷᠳᠡᠬᠰᠠᠨ ᠪᠠᠶᠢᠨ᠎ᠠ᠃

ᠭᠤᠷᠪᠠ ᠳᠤ᠂ ᠬᠢᠨᠠᠨ ᠪᠣᠳᠣᠯᠲᠠ ᠶᠢᠨ ᠮᠥᠨ ᠴᠢᠨᠠᠷ ᠢ  ᠪᠠᠷᠢᠮᠳᠠᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ

ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠬᠢᠨᠠᠨ ᠪᠣᠳᠣᠯᠲᠠ ᠳᠤ ᠪᠠᠶᠢᠴᠠᠭᠠᠵᠤ ᠭᠠᠷᠭᠠᠭᠰᠠᠨ

ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂  ᠲᠠᠬᠢᠨᠳᠠ ᠵᠥᠷᠢᠴᠡᠬᠦ ᠦᠵᠡᠭᠳᠡᠯ ᠢ  ᠡᠷᠡᠰ ᠵᠣᠭᠰᠤᠭᠠᠬᠤ ᠬᠡᠷᠡᠭᠲᠡᠢ  ᠬᠡᠵᠤ ᠰᠤᠷᠭᠠᠮᠵᠢᠯᠠᠬᠰᠠᠨ

ᠪᠠᠶᠢᠨ᠎ᠠ᠃

                            

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ