| 3 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠬᠠᠮᠲᠤᠷᠠᠨ | ᠡᠷᠭᠢᠯᠡᠭᠰᠡᠨ ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠳ᠋ᠠᠶᠢᠲ᠋ᠠ ᠨᠡᠶᠢᠲᠡᠯᠡᠬᠦ ᠬᠤᠷᠠᠯ | ᠬᠥᠬᠡᠬᠤᠲᠠ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠮᠠᠨ ᠤ ᠣᠷᠣᠨ ᠪᠥᠬᠦ ᠤᠯᠤᠰ ᠲᠤ ᠡᠩ ᠲᠡᠷᠢᠭᠦᠨ ᠳᠤ ᠲᠠᠷᠢᠶᠠᠯᠠᠩ ᠮᠠᠯ ᠠᠵᠤ ᠠᠬᠤᠢ ᠶᠢᠨ | ᠭᠠᠷᠤᠯᠢ ᠶᠢᠨ ᠶᠠᠰᠤ ᠴᠢᠨᠠᠷ ᠢ ᠦᠨᠡᠯᠡᠬᠦ ᠠᠵᠢᠯ ᠥᠷᠨᠢᠭᠦᠯᠦᠭᠰᠡᠨ ᠪᠥᠭᠡᠳ 4 ᠵᠢᠯ ᠤᠨ ᠲᠤᠷᠰᠢ ᠲᠦᠭᠦᠬᠡᠢ ᠰᠦ᠂ ᠬᠤᠨᠢᠨ ᠤ ᠮᠢᠬ᠎ᠠ᠂ ᠦᠬᠡᠷ ᠤᠨ ᠮᠢᠬ᠎ᠠ᠂ ᠲᠥᠮᠥᠰᠥ᠂ | ᠲᠤᠲᠤᠷᠭ᠎ᠠ᠂ ᠨᠠᠷᠢᠮᠤ᠂ ᠪᠤᠭᠤᠳᠠᠢ ᠵᠡᠷᠭᠡ 7 ᠶᠡᠭᠡ ᠲᠥᠷᠥᠯ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ | ᠦᠨᠡᠯᠡᠯᠲᠡ ᠶᠢ ᠥᠷᠨᠢᠭᠦᠯᠪᠡ᠃ ᠭᠠᠷᠤᠯᠢ ᠶᠢ ᠨᠡᠶᠢᠳᠡ 2241 ᠬᠤᠪᠢ᠂ ᠰᠢᠮ᠎ᠡ ᠲᠡᠵᠢᠭᠡᠯᠲᠦ ᠪᠣᠳᠠᠰ᠂ ᠠᠮᠲᠠᠯᠠᠭᠴᠢ᠂ ᠠᠩᠭᠢᠯᠠᠭᠤᠯᠤᠭᠴᠢ ᠵᠡᠷᠭᠡ ᠶᠢᠨ ᠭᠦᠢᠴᠡᠳᠬᠡᠯ | ᠲᠤᠭ᠎ᠠ ᠶᠢ 531 ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠳ᠋ᠠᠶᠢᠲ᠋ᠠ ᠶᠢ 147793 ᠭᠠᠷᠭᠠᠪᠠ᠃ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ | ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠪᠥᠬᠦ | ᠤᠯᠤᠰ ᠲᠤ ᠡᠩ ᠲᠡᠷᠢᠭᠦᠨ ᠳᠤ ︽ᠰᠢᠮ᠎ᠡ ᠲᠡᠵᠢᠭᠡᠯ ᠰᠠᠶᠢᠨ᠂ ᠦᠨᠦᠷ ᠠᠩᠬᠢᠯᠤᠮ᠎ᠠ᠂ ᠰᠠᠶᠢᠬᠠᠨ ᠠᠮᠲᠠᠲᠤ᠂ ᠥᠪᠡᠷᠮᠢᠴᠡ ᠣᠨᠴᠠᠯᠢᠭᠲᠤ︾ ᠥᠪᠥᠷ ᠮᠣᠩᠭᠤᠯ ᠤᠨ | ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠢ ᠦᠨᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ | ᠰᠢᠮ᠎ᠡ ᠲᠡᠵᠢᠭᠡᠯ ᠤᠨ ᠭᠦᠢᠴᠡᠳᠬᠡᠯ ᠲᠤᠭ᠎ᠠ᠂ ᠠᠮᠲᠠᠯᠠᠭᠴᠢ᠂ ᠠᠩᠭᠢᠯᠠᠭᠤᠯᠤᠭᠴᠢ᠂ ᠡᠳ᠋ᠰᠢᠭᠦᠯᠬᠦ ᠶᠠᠰᠤ ᠴᠢᠨᠠᠷ᠂ ᠣᠨᠴᠠᠯᠢᠭ ᠤᠨ ᠭᠦᠢᠴᠡᠳᠬᠡᠯ ᠲᠤᠭ᠎ᠠ ᠵᠡᠷᠭᠡ ᠣᠯᠠᠨ | ᠲᠠᠯ᠎ᠠ ᠠᠴᠠ ᠮᠠᠨ ᠤ ᠣᠷᠣᠨ ᠤ ᠳᠠᠪᠠᠭᠤᠯᠢᠭ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠰᠢᠯᠢᠳᠡᠭ ᠶᠠᠰᠤ ᠴᠢᠨᠠᠷ ᠢ ᠪᠥᠬᠦ ᠲᠠᠯ᠎ᠠ ᠪᠠᠷ ᠢᠯᠡᠷᠡᠭᠦᠯᠪᠡ᠃ | 2023 ᠣᠨ ᠳᠤ᠂ ᠶᠠᠰᠤ ᠴᠢᠨᠠᠷ ᠢ ᠦᠨᠡᠯᠡᠬᠦ ᠠᠵᠢᠯ ᠨᠢ ᠪᠥᠬᠦ ᠤᠯᠤᠰ ᠤᠨ ᠲᠠᠷᠢᠶᠠᠯᠠᠩ ᠤᠨ ᠭᠠᠷᠤᠯᠢ ᠶᠢᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ | ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ | ᠲᠣᠰ ᠤᠳᠠᠭᠠᠨ ᠤ ᠨᠡᠶᠢᠲᠡᠯᠡᠬᠦ ᠬᠤᠷᠠᠯ ᠳᠤ ᠥᠪᠥᠷ ᠮᠣᠩᠭᠤᠯ ᠤᠨ ᠠᠩᠬᠠᠳᠠᠭᠴᠢ ᠪᠦᠯᠦᠭ ᠦᠨᠢᠶᠡᠨ ᠤ ᠰᠦ᠂ ᠬᠤᠨᠢᠨ ᠤ ᠮᠢᠬ᠎ᠠ᠂ ᠦᠬᠡᠷ ᠤᠨ ᠮᠢᠬ᠎ᠠ᠂ | ᠲᠥᠮᠥᠰᠥ ᠵᠡᠷᠭᠡ 4 ᠲᠥᠷᠥᠯ ᠤᠨ ᠭᠠᠷᠤᠯᠢ ᠶᠢᠨ ᠶᠠᠰᠤ ᠴᠢᠨᠠᠷ ᠤᠨ ᠳ᠋ᠠᠶᠢᠲ᠋ᠠ ᠶᠢ ᠨᠡᠶᠢᠲᠡᠯᠡᠪᠡ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠣᠯᠠᠨ ᠵᠦᠢᠯ ᠤᠨ ᠬᠡᠯᠪᠡᠷᠢ ᠪᠠᠷ ᠳ᠋ᠠᠶᠢᠲ᠋ᠠ ᠨᠡᠶᠢᠲᠡᠯᠡᠬᠦ ᠬᠤᠷᠠᠯ ᠬᠢᠵᠦ᠂ ᠦᠨᠡᠯᠡᠯᠲᠡ ᠶᠢᠨ | ᠳ᠋ᠠᠶᠢᠲ᠋ᠠ ᠶᠢ ᠴᠠᠭ ᠲᠤᠬᠠᠢ ᠳᠤ ᠨᠢ ᠨᠡᠶᠢᠲᠡᠯᠡᠨ᠎ᠡ᠃ ᠡᠭᠦᠨ ᠤ ᠬᠠᠮᠲᠤ᠂ ᠥᠪᠥᠷ ᠮᠣᠩᠭᠤᠯ ᠤᠨ 7 ᠲᠣᠮᠣ ᠠᠵᠤ ᠦᠢᠯᠡᠰ ᠤᠨ ᠬᠡᠯᠬᠢᠶ᠎ᠡ ᠪᠠ ᠨᠠᠷᠠᠲᠤ ᠣᠨᠴᠠ ᠰᠢᠯᠢᠳᠡᠭ | ᠰᠢᠨ᠎ᠡ 720 ᠲᠠᠷᠢᠶᠠᠯᠠᠩ ᠤᠨ ᠭᠠᠷᠤᠯᠢ ᠶᠢᠨ ᠳᠠᠪᠠᠭᠤᠯᠢᠭ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ | ᠶᠠᠰᠤ ᠴᠢᠨᠠᠷ ᠤᠨ ᠦᠨᠡᠯᠡᠯᠲᠡ ᠶᠢᠨ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠤᠨ᠎ᠠ᠃ | |